蒙古文网站Logo
ᠰᠢᠨᠬᠤᠸᠠ ᠮᠤᠩᠭ᠋ᠤᠯ ᠨᠧᠲ

ᠰᠢᠨᠬᠤᠸᠠ ᠨᠧᠲ ᠤᠨ ᠰᠤᠷᠪᠤᠯᠵᠢᠯᠠᠭᠴᠢ ᠠᠭᠠᠷ ᠤᠨ ᠴᠡᠷᠢᠭ ᠤᠨ ᠬᠠᠮᠳᠤ ᠬᠠᠳᠤᠨ ᠭᠤᠤᠯ ᠳᠡᠬᠡᠬᠦᠷ ᠠᠶᠠᠯᠠᠭᠰᠠᠨ ᠨᠢ

2016-03-18 09:50

    ᠰᠢᠨᠬᠤᠸᠠ ᠨᠧᠲ ᠪᠤᠭᠤᠳᠤ ᠶᠢᠨ 3 ᠰᠠᠷ᠎ᠠ᠎ ᠶᠢᠨ 17 ᠤ ᠡᠳᠤᠷ ᠤᠨ ᠴᠠᠬᠢᠯᠭᠠᠨ ᠮᠡᠳᠡᠬᠡ (ᠸᠠᠩ ᠢᠦᠢ ᠲᠢᠶᠠᠨ᠂ ᠼᠤᠤ ᠵᠸᠨ)   ᠳᠤᠰ ᠡᠳᠤᠷ᠂ ᠠᠭᠠᠷ ᠤᠨ ᠴᠡᠷᠢᠭ ᠤᠨ ᠨᠢᠬᠡᠨ ᠴᠠᠭᠳᠠᠨ ᠪᠠᠶᠢᠴᠠᠭᠠᠬᠤ ᠨᠢᠰᠬᠦ ᠤᠩᠭ᠋ᠤᠴᠠ ᠬᠠᠳᠤᠨ ᠭᠤᠤᠯ ᠤᠨ ᠦᠪᠦᠷ ᠮᠤᠩᠭ᠋ᠤᠯ ᠳ᠋ᠡᠬᠢ ᠬᠡᠰᠡᠭ ᠤᠨ ᠰᠦᠩ ᠬᠠᠯᠢᠶ᠎ᠠ ᠶᠢ ᠰᠡᠷᠬᠡᠶᠢᠯᠡᠬᠦ ᠠᠵᠢᠯ ᠳᠤ ᠳᠤᠰᠠᠯᠠᠯ᠎ᠠ᠂ ᠡᠨᠡ ᠨᠢ 2016 ᠤᠨ ᠳᠤ ᠬᠠᠳᠤᠨ ᠭᠤᠤᠯ ᠬᠡᠰᠦᠭᠰᠡᠨ ᠤ ᠲᠠᠷᠠᠭᠠᠬᠢ ᠠᠭᠠᠷ ᠤᠨ ᠴᠡᠷᠢᠭ ᠤᠨ ᠲᠦᠷᠪᠡᠳᠡᠬᠢ ᠤᠳᠠᠭ᠎ᠠ ᠬᠠᠯᠢᠶ᠎ᠠ ᠰᠡᠷᠬᠡᠶᠢᠯᠡᠨ ᠴᠠᠭᠳᠠᠨ ᠪᠠᠶᠢᠴᠠᠭᠠᠬᠤ ᠡᠬᠦᠷᠬᠡ ᠬᠦᠢᠴᠡᠳᠬᠡᠭ᠍ᠰᠡᠨ ᠤᠴᠢᠷ ᠪᠤᠯᠬᠤ ᠶᠤᠮ᠃ ᠰᠢᠨᠬᠤᠸᠠ ᠨᠧᠲ ᠤᠨ ᠰᠤᠷᠪᠤᠯᠵᠢᠯᠠᠭᠴᠢ ᠲᠤᠰ ᠤᠳᠠᠭᠠᠨ ᠤ ᠠᠭᠠᠷ ᠤᠨ ᠴᠠᠭᠳᠠᠨ ᠪᠠᠶᠢᠴᠠᠭᠠᠬᠤ ᠠᠵᠢᠯᠯᠠᠭ᠎ᠠ ᠳᠤ ᠪᠡᠶᠡᠴᠢᠯᠡᠨ ᠤᠷᠤᠯᠴᠠᠯ᠎ᠠ᠃

    ᠦᠳᠡ ᠶᠢᠨ ᠡᠮᠦᠨ᠎ᠡ 8᠄30 ᠴᠠᠭ ᠳᠤ᠂ ᠠᠭᠠᠷ ᠡᠴᠡ ᠴᠠᠭᠳᠠᠨ ᠪᠠᠶᠢᠴᠠᠭᠠᠬᠤ ᠠᠵᠢᠯᠳᠠᠳ ᠨᠢᠰᠬᠦ ᠡᠴᠡ ᠡᠮᠦᠨᠡᠬᠢ ᠪᠡᠯᠡᠳᠬᠡᠯ ᠠᠵᠢᠯ ᠢᠶᠡᠨ ᠬᠢᠯ᠎ᠠ᠃ ᠠᠵᠢᠯᠳᠠᠳ ᠨᠢᠰᠬᠦ ᠤᠩᠭ᠋ᠤᠴᠨ ᠶᠢ ᠰᠢᠯᠭᠠᠵᠤ᠂ ᠲᠠᠷᠠᠭ᠎ᠠ ᠨᠢ ᠨᠢᠰᠬᠡᠭ᠍ᠴᠢ ᠲᠠᠢ ᠬᠠᠷᠢᠯᠴᠠᠪᠠ᠃ 9᠄ 00 ᠴᠠᠭ ᠤᠨ ᠦᠶ᠎ᠡ ᠪᠡᠷ ᠴᠠᠭᠳᠠᠨ ᠪᠠᠶᠢᠴᠠᠭᠠᠬᠤ ᠨᠢᠰᠬᠦ ᠤᠩᠭ᠋ᠤᠴᠠ ᠨᠢᠰᠬᠦ ᠪᠡᠷ ᠪᠡᠯᠡᠨ ᠪᠤᠯᠤᠯ᠎ᠠ᠃ ᠲᠤᠰ ᠤᠳᠠᠭᠠᠨ ᠤ ᠴᠠᠭᠳᠠᠨ ᠪᠠᠶᠢᠴᠠᠭᠠᠬᠤ ᠵᠠᠮ ᠱᠤᠭᠤᠮ ᠨᠢ ᠬᠠᠳᠤᠨ ᠭᠤᠤᠯ ᠤᠨ ᠪᠤᠭᠤᠳᠤ ᠬᠡᠰᠡᠭ ᠡᠴᠡ ᠸᠠᠨ ᠵᠢᠶᠠ ᠽᠠᠢ ᠤᠰᠤᠨ ᠠᠰᠢᠭᠯᠠᠯᠳᠠ ᠶᠢᠨ ᠠᠭᠤᠯᠵᠠᠷ ᠲᠤ ᠬᠦᠷᠦᠨ᠎ᠡ᠂ ᠪᠦᠬᠦ᠋ᠢ᠍ᠯᠡ ᠤᠷᠳᠤ ᠨᠢ 400 ᠭᠠᠷᠤᠢ ᠺᠢᠯᠤᠮᠧᠲ᠋ᠷ᠂ ᠦᠨᠳᠤᠷ ᠠᠭᠠᠷ ᠡᠴᠡ ᠬᠠᠳᠤᠨ ᠭᠤᠤᠯ ᠤᠨ ᠬᠡᠰᠦᠭᠰᠡᠨ ᠪᠠᠶᠢᠳᠠᠯ ᠢ ᠲᠤᠳᠤᠷᠬᠠᠢ ᠤᠯᠵᠤ ᠬᠠᠷᠠᠨ᠎ᠠ᠃ ᠦᠪᠦᠷ ᠮᠤᠩᠭ᠋ᠤᠯ ᠤᠨ ᠬᠠᠳᠤᠨ ᠭᠤᠤᠯ ᠤᠨ ᠬᠠᠯᠢᠶ᠎ᠠ ᠶᠢ ᠰᠡᠷᠬᠡᠶᠢᠯᠡᠨ ᠤᠳᠤᠷᠢᠳᠬᠤ ᠲᠦᠪ ᠤᠨ ᠠᠵᠢᠯᠳᠠᠨ ᠤ ᠲᠠᠨᠢᠯᠴᠠᠭᠤᠯᠤᠭᠰᠠᠨ ᠢᠶᠡᠷ᠂ ᠦᠨᠦ ᠵᠢᠯ ᠤᠨ ᠴᠠᠭ ᠠᠭᠠᠷ ᠡᠷᠳᠡ ᠲᠤᠯᠠᠭᠠᠷᠠᠭᠰᠠᠨ ᠡᠴᠡ ᠪᠤᠯᠵᠤ᠂ 3 ᠰᠠᠷ᠎ᠠ ᠶᠢᠨ 1 ᠤ ᠡᠳᠤᠷ ᠡᠴᠡ ᠡᠬᠢᠯᠡᠨ ᠬᠠᠳᠤᠨ ᠭᠤᠤᠯ ᠬᠡᠰᠤᠨ ᠦᠪᠦᠷ ᠮᠤᠩᠭ᠋ᠤᠯ ᠤᠨ ᠬᠢᠯᠢ ᠳᠤ ᠤᠷᠤᠭᠰᠠᠨ ᠴᠤ᠂ ᠤᠰᠤ ᠨᠢ ᠨᠠᠮ ᠲᠦᠯᠬᠡᠬᠡᠨ ᠪᠠᠶᠢᠭᠰᠠᠨ ᠪᠤᠯᠬᠤᠷ ᠬᠠᠯᠢᠶ᠎ᠠ ᠤᠷᠤᠰᠬᠠᠯ ᠤᠯᠵᠤ ᠬᠠᠷᠠᠭᠰᠠᠨ ᠦᠭᠡᠢ᠃ ᠠᠭᠠᠷ ᠤᠨ ᠴᠠᠭᠳᠠᠨ ᠪᠠᠶᠢᠴᠠᠭᠠᠬᠤ ᠠᠵᠢᠯ ᠲᠠᠭᠤᠰᠤᠭᠰᠠᠨ ᠤ ᠳᠠᠷᠠᠭ᠎ᠠ᠂ ᠴᠠᠭᠳᠠᠨ ᠪᠠᠶᠢᠴᠠᠭᠠᠬᠤ ᠨᠢᠰᠬᠦ ᠤᠩᠭ᠋ᠤᠴᠠ ᠪᠤᠭᠤᠳᠤ ᠳᠤ ᠳᠠᠬᠢᠨ ᠭᠠᠵᠠᠷᠳᠠᠵᠤ᠂ ᠠᠵᠢᠯᠳᠠᠳ ᠤᠩᠭ᠋ᠤᠴᠠ ᠪᠡᠨ ᠰᠢᠯᠭᠠᠯ᠎ᠠ᠃

    ᠤᠶᠢᠯᠠᠭᠠᠭᠰᠠᠨ ᠢᠶᠡᠷ᠂ 1951 ᠤᠨ ᠡᠴᠡ ᠨᠠᠭᠠᠰᠢ᠂ ᠠᠭᠠᠷ ᠤᠨ ᠴᠡᠷᠢᠭ ᠵᠢᠯ ᠪᠦᠷᠢ ᠨᠢᠰᠬᠦ ᠤᠩᠭ᠋ᠤᠴᠠ ᠲᠤᠮᠢᠯᠠᠨ ᠬᠠᠳᠤᠨ ᠭᠤᠤᠯ ᠤᠨ ᠬᠠᠯᠢᠶ᠎ᠠ ᠦᠶᠠᠷ ᠢ ᠰᠡᠷᠬᠡᠶᠢᠯᠡᠬᠦ ᠡᠬᠦᠷᠭᠡ ᠬᠦᠢᠴᠡᠳᠬᠡᠵᠤ ᠬᠠᠳᠤᠨ ᠭᠤᠤᠯ ᠤᠨ ᠠᠮᠤᠷ ᠲᠦᠪᠰᠢᠨ᠂ ᠲᠤᠭᠳᠠᠭᠤᠨ ᠢᠶᠡᠷ ᠬᠡᠰᠬᠦ ᠳᠤ ᠠᠭᠠᠷ ᠡᠴᠡ ᠬᠠᠮᠠᠭᠠᠯᠠᠬᠤ ᠪᠠᠳᠤᠯᠠᠭ᠎ᠠ ᠬᠢᠭ᠍ᠰᠡᠬᠡᠷ ᠢᠷᠡᠵᠡᠢ᠃ ᠡᠨᠡ ᠤᠳᠠᠭ᠎ᠠ ᠳᠤᠮᠢᠯᠠᠭᠳᠠᠭᠰᠠᠨ ᠠᠭᠠᠷ ᠤᠨ ᠴᠡᠷᠢᠭ ᠠᠩᠬᠢ ᠨᠢ ᠨᠢᠬᠡᠨᠲᠡ ᠶᠢᠰᠦᠳᠡᠬᠢ ᠤᠳᠠᠭ᠎ᠠ ᠪᠡᠨ ᠡᠬᠦᠷᠬᠡ ᠬᠦᠢᠴᠡᠳᠬᠡᠵᠤ ᠪᠠᠶᠢᠭ᠎ᠠ ᠶᠤᠮ᠃ ᠳᠡᠳᠡᠨᠡᠷ 3 ᠰᠠᠷ᠎ᠠ ᠶᠢᠨ 5 ᠤ ᠡᠳᠤᠷ ᠦᠪᠦᠷ ᠮᠤᠩᠭ᠋ᠤᠯ ᠤᠨ ᠬᠡᠰᠡᠭ ᠲᠡᠬᠢ ᠬᠠᠳᠤᠨ ᠭᠤᠤᠯ ᠤᠨ ᠬᠠᠯᠢᠶ᠎ᠠ ᠶᠢ ᠰᠡᠷᠬᠡᠶᠢᠯᠡᠬᠦ ᠡᠮᠦᠨ᠎ᠡ ᠹᠷᠤᠨᠲ ᠤᠨ ᠤᠳᠤᠷᠢᠳᠬᠤ ᠲᠦᠪ ᠲᠤ ᠢᠷᠡᠵᠤ᠂ 9 ᠤ ᠡᠳᠦᠷ ᠠᠩᠬ᠎ᠠ ᠳᠤᠷᠰᠢᠨ ᠨᠢᠰᠦᠭᠰᠡᠨ ᠪᠠᠶᠢᠨ᠎ᠠ᠃

    ᠰᠢᠨᠬᠤᠸᠠ ᠨᠧᠲ ᠤᠨ ᠦᠪᠦᠷ ᠮᠤᠩᠭ᠋ᠤᠯ ᠰᠤᠪᠠᠭ ᠦᠪᠦᠷ ᠮᠤᠩᠭ᠋ᠤᠯ ᠤᠨ ᠦᠶᠡᠷ ᠰᠡᠷᠬᠡᠶᠢᠯᠡᠵᠤ ᠭᠠᠩ ᠲᠠᠢ ᠳᠡᠮᠡᠴᠡᠬᠦ ᠤᠳᠤᠷᠢᠳᠬᠤ ᠲᠦᠪ ᠡᠴᠡ ᠤᠶᠢᠯᠠᠭᠠᠭᠰᠠᠨ ᠢᠶᠡᠷ᠂ 3 ᠰᠠᠷ᠎ᠠ ᠶᠢᠨ 17 ᠤ ᠡᠳᠤᠷ ᠤᠨ 10᠄00 ᠴᠠᠭ ᠪᠤᠯᠲᠠᠯ᠎ᠠ᠂ ᠬᠠᠳᠤᠨ ᠭᠤᠤᠯ ᠤᠨ ᠬᠡᠰᠦᠯᠳᠡ  ᠪᠠᠶᠠᠨᠨᠠᠭᠤᠷ ᠬᠤᠳᠠ ᠶᠢᠨ ᠦᠶᠤᠧᠠᠨ ᠰᠢᠶᠠᠨ ᠤ ᠰᠢᠶᠧ ᠯᠠ ᠡᠦ ᠬᠡᠰᠡᠭ (ᠤᠷᠳᠤᠰ ᠤᠨ ᠬᠠᠩᠬᠢᠨ ᠬᠤᠰᠢᠭᠤᠨ ᠤ ᠵᠢᠷᠭᠠᠯᠠᠩᠳᠤ ᠪᠠᠯᠭᠠᠰᠤ ᠶᠢᠨ ᠶᠠᠩ ᠴᠠᠩ ᠭᠠᠴᠠᠭᠠᠨ ᠤ ᠡᠰᠡᠷᠬᠦ ᠲᠠᠯ᠎ᠠ)᠂ ᠰᠠᠨ ᠱᠸᠩ ᠬᠦᠩ ᠤᠰᠤᠨ ᠠᠰᠢᠭᠯᠠᠯᠳᠠ ᠶᠢᠨ ᠠᠭᠤᠯᠵᠠᠷ ᠤᠨ ᠯᠠᠨ ᠾᠧ ᠭᠤᠤᠯ ᠤᠨ ᠬᠠᠭᠠᠯᠳᠠ ᠶᠢᠨ 90 ᠺᠢᠯᠤᠮᠧᠲ᠋ᠷ ᠤᠨ ᠬᠡᠰᠡᠭ ᠲᠤ ᠬᠦᠷᠴᠤ᠂ ᠦᠪᠦᠷ ᠮᠤᠩᠭ᠋ᠤᠯ ᠳ᠋ᠡᠬᠢ ᠨᠡᠶᠢᠲᠠ ᠤᠷᠳᠤ ᠨᠢ 250 ᠺᠢᠯᠤᠮᠧᠲ᠋ᠷ᠂ ᠤᠰᠤ ᠨᠢ ᠨᠠᠮ ᠲᠦᠯᠬᠡᠬᠡᠨ ᠪᠠᠶᠢᠯ᠎ᠠ᠃ 3 ᠰᠠᠷ᠎ᠠ ᠶᠢᠨ 20 ᠪᠤᠯᠬᠤ ᠳᠤ ᠰᠠᠨ ᠬᠤ ᠭᠤᠤᠯ ᠤᠨ ᠬᠡᠰᠡᠭ ᠬᠦᠷᠲᠡᠯ᠎ᠡ ᠬᠡᠰᠬᠦ ᠳᠦᠯᠦᠪᠳᠡᠢ ᠪᠠᠶᠢᠨ᠎ᠠ᠃

ᠠᠵᠢᠯᠳᠠᠳ ᠨᠢᠰᠬᠦ ᠤᠩᠭ᠋ᠤᠴᠨ ᠶᠢ ᠰᠢᠯᠭᠠᠵᠤ ᠪᠠᠶᠢᠭ᠎ᠠ ᠨᠢ(ᠵᠢᠷᠤᠭ ᠢ ᠸᠠᠩ ᠢᠦᠢ ᠲᠢᠶᠠᠨ)

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118370385