蒙古文网站Logo
ᠰᠢᠨᠬᠤᠸᠠ ᠮᠤᠩᠭ᠋ᠤᠯ ᠨᠧᠲ

ᠳ᠋ᠧᠩ ᠤᠨ ᠬᠡᠷᠡᠯ ᠤᠨ ᠪᠠᠶᠠᠷ

2016-04-16 16:08

#(社会)(1)异彩纷呈“灯光节”

    ᠰᠢᠨᠬᠤᠧᠠ ᠬᠤᠷᠢᠶ᠎ᠠ  ᠨᠠᠨ ᠲᠦᠩ (ᠵᠢᠶᠠᠩᠰᠦ)  ᠤᠨ 2016 ᠤᠨ ᠤ 4 ᠰᠠᠷ᠎ᠠ ᠶᠢᠨ 16 ᠤ ᠡᠳᠤᠷ ᠤᠨ ᠴᠠᠬᠢᠯᠭᠠᠨ ᠮᠡᠳᠡᠭᠡ   4 ᠰᠠᠷ᠎ᠠ ᠶᠢᠨ 15 ᠤ ᠡᠳᠤᠷ ᠂ ᠵᠢᠭᠤᠯᠴᠢᠯᠠᠭᠴᠢᠳ《ᠵᠡᠬᠦᠳᠤ ᠵᠡᠷᠭᠡᠯᠬᠡᠨ ᠳ᠋ᠧᠩ ᠤᠨ ᠬᠡᠷᠡᠯ ᠤᠨ ᠪᠠᠶᠠᠷ》 ᠤᠨ ᠦᠵᠡᠮᠵᠢ ᠶᠢ ᠰᠤᠨᠢᠷᠬᠠᠵᠤ ᠪᠤᠢ᠃ ᠲᠤᠰ ᠡᠳᠤᠷ᠂ ᠵᠢᠶᠠᠩᠰᠦ ᠮᠤᠵᠢ ᠶᠢᠨ ᠨᠠᠨ ᠲᠦᠩ ᠳᠤ ᠤᠷᠢᠳ ᠭᠠᠷᠤᠭ᠎ᠠ ᠦᠭᠡᠢ ᠦᠷᠭᠡᠨ ᠬᠡᠪᠴᠢᠶᠡᠨ ᠤ ᠳ᠋ᠧᠩ ᠤᠨ ᠬᠡᠷᠡᠯ ᠤᠨ ᠰᠤᠶᠤᠯ ᠤᠨ ᠨᠠᠶᠢᠷ -- ᠨᠠᠨ ᠲᠦᠩ ᠤᠨ ᠠᠩᠬᠠᠳᠤᠭᠠᠷ ᠤᠳᠠᠭᠠᠨ ᠤ 《ᠤᠯᠠᠨ ᠤᠯᠤᠰ ᠤᠨ ᠳ᠋ᠧᠩ ᠤᠨ ᠬᠡᠷᠡᠯ ᠤᠨ ᠪᠠᠶᠠᠷ》 ᠴᠡᠴᠡᠷᠯᠢᠭ᠌᠌ ᠤᠨ ᠤᠷ᠎ᠠ ᠮᠡᠷᠭᠡᠵᠢᠯ ᠤᠨ ᠦᠵᠡᠰᠬᠦᠯᠡᠩ ᠤᠨ ᠭᠠᠵᠠᠷ ᠨᠡᠬᠡᠬᠡᠯᠳᠡ ᠶᠢᠨ ᠠᠵᠢᠯᠯᠠᠭ᠎ᠠ ᠪᠠᠨ ᠶᠠᠪᠤᠭᠳᠠᠭᠤᠯᠪᠠ᠃ ᠦᠵᠡᠰᠬᠦᠯᠡᠩ ᠨᠢ ᠰᠢᠨᠵᠢᠯᠡᠬᠦ ᠤᠬᠠᠭᠠᠨ ᠲᠧᠭᠨᠤᠯᠤᠬᠢ ᠪᠤᠯᠤᠨ ᠤᠷᠠᠯᠢᠭ ᠢ ᠲᠡᠬᠦᠰ ᠠᠭᠤᠰᠤᠯᠴᠠᠭᠤᠯᠤᠨ᠂《ᠵᠡᠬᠦᠳᠤ ᠵᠡᠷᠭᠡᠯᠬᠡᠨ》 ᠢᠶᠡᠷ ᠭᠤᠤᠯ ᠰᠡᠳᠤᠪ ᠪᠤᠯᠭᠠᠭᠰᠠᠨ 4 ᠲᠦᠮᠡᠨ ᠺᠦᠸᠠᠳ᠋ ᠺᠢᠯᠤᠮᠧᠲ᠋ᠷ ᠤᠨ ᠲᠠᠯᠠᠪᠤᠷ ᠲᠤ 2000 ᠲᠦᠮᠡᠨ ᠳ᠋ᠧᠩ ᠤᠨ ᠬᠡᠷᠡᠯ ᠤᠨ ᠦᠵᠡᠬᠦᠯᠦᠯᠬᠡ ᠭᠠᠷᠭᠠᠵᠠᠢ᠃ ᠡᠳᠡᠭᠡᠷ ᠦᠵᠡᠬᠦᠯᠦᠯᠬᠡ ᠨᠢ ᠵᠢᠭᠤᠯᠴᠢᠯᠠᠭᠴᠢᠳ ᠤᠨ ᠬᠠᠷᠠᠭ᠎ᠠ ᠶᠢ ᠶᠡᠬᠡ ᠪᠡᠷ ᠲᠠᠳᠠᠭᠰᠠᠨ ᠪᠠᠶᠢᠨ᠎ᠠ᠃ ᠲᠤᠰ ᠤᠳᠠᠭᠠᠨ ᠤ ᠦᠵᠡᠰᠬᠦᠯᠡᠩ ᠨᠢ ᠨᠢᠬᠡ ᠰᠠᠷ᠎ᠠ ᠦᠷᠬᠦᠯᠵᠢᠯᠡᠨ᠎ᠡ᠃

#(社会)(2)异彩纷呈“灯光节”

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118641621