蒙古文网站Logo
ᠰᠢᠨᠬᠤᠸᠠ ᠮᠤᠩᠭ᠋ᠤᠯ ᠨᠧᠲ

ᠯᠠᠨ ᠼᠠᠩ ᠮᠦᠷᠡᠨ ᠤ ᠡᠬᠢ ᠶᠢᠨ ᠨᠢᠬᠡᠳᠦᠬᠡᠷ ᠰᠢᠶᠠᠨ -- ᠽᠠᠳ᠋ᠦ᠋ᠸᠸ ᠰᠢᠶᠠᠨ ᠠᠶᠠᠯᠠᠯ ᠵᠢᠭᠤᠯᠴᠢᠯᠠᠯ ᠤᠨ ᠰᠢᠨ᠎ᠡ ᠤᠷᠬᠢᠯ ᠳᠤ ᠤᠷᠤᠯ᠎ᠠ

2017-08-10 10:19

    8 ᠰᠠᠷ᠎ᠠ ᠡᠴᠡ ᠨᠠᠰᠢ᠂ ᠯᠠᠨ ᠼᠠᠩ ᠮᠦᠷᠡᠨ ᠤ ᠡᠬᠢ ᠶᠢᠨ ᠨᠢᠬᠡᠳᠦᠬᠡᠷ ᠰᠢᠶᠠᠨ ᠤ ᠴᠤᠯᠠ ᠲᠠᠢ ᠬᠦᠬᠡᠨᠠᠭᠤᠷ ᠮᠤᠵᠢ ᠶᠢᠨ ᠢᠦᠢ ᠱᠤ ᠵᠸᠤ ᠶᠢᠨ ᠽᠠᠳ᠋ᠦ᠋ᠸᠸ ᠰᠢᠶᠠᠨ ᠤᠷᠢᠳ ᠬᠤᠵᠢᠳ《 ᠲᠠᠩᠰᠤᠭ ᠰᠠᠶᠢᠬᠠᠨ ᠯᠠᠨ ᠼᠠᠩ ᠽᠠᠳ᠋ᠦ᠋ᠸᠸ》᠂ ᠠᠩᠬᠠᠳᠤᠭᠠᠷ ᠬᠤᠭᠤᠴᠠᠭᠠᠨ ᠤ 《 ᠯᠠᠨ ᠼᠠᠩ ᠽᠠᠳ᠋ᠦ᠋ᠸᠸ》 ᠤᠯᠠᠨ ᠤᠯᠤᠰ ᠤᠨ ᠭᠤᠤᠯ ᠮᠦᠷᠡᠨ ᠤ ᠬᠦᠭ᠍ᠵᠢᠮ ᠤᠨ ᠪᠠᠶᠠᠷ᠂《 ᠯᠠᠨ ᠼᠠᠩ ᠮᠦᠷᠡᠨ ᠤ ᠤᠷᠤᠰᠬᠠᠯ》 ᠵᠡᠷᠬᠡ ᠠᠵᠢᠯᠯᠠᠭ᠎ᠠ ᠵᠤᠬᠢᠶᠠᠨ ᠪᠠᠶᠢᠭᠤᠯᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠦᠶ ᠤᠯᠠᠨ ᠵᠢᠭᠤᠯᠴᠢᠨ ᠤ ᠠᠩᠬᠠᠷᠤᠯ ᠢ ᠲᠠᠳᠠᠵᠤ᠂ ᠠᠶᠠᠯᠠᠯ ᠵᠢᠭᠤᠯᠴᠢᠯᠠᠯ ᠤᠨ ᠰᠢᠨ᠎ᠡ ᠨᠢᠬᠡ ᠡᠬᠡᠯᠵᠢ ᠶᠢᠨ ᠢᠳᠡ ᠤᠯᠠᠷᠢᠯ ᠳᠤ ᠪᠠᠨ ᠤᠷᠤᠵᠠᠢ᠃ 《 ᠲᠤᠮᠳᠠᠳᠤ ᠤᠯᠤᠰ ᠤᠨ ᠴᠠᠭᠠᠨ ᠢᠷᠪᠢᠰ ᠤᠨ ᠨᠤᠳᠤᠭ》 ᠬᠡᠮᠡᠭᠳᠡᠭᠰᠡᠨ ᠽᠠᠳ᠋ᠦ᠋ᠸᠸ ᠰᠢᠶᠠᠨ ᠯᠠᠨ ᠼᠠᠩ ᠮᠦᠷᠡᠨ ᠤ ᠡᠬᠢᠨ ᠳᠤ ᠪᠠᠶᠢᠷᠢᠰᠢᠨ᠂ ᠬᠦᠬᠡᠨᠠᠭᠤᠷ ᠮᠤᠵᠢ ᠶᠢᠨ ᠢᠦᠢ ᠱᠤ ᠲᠦᠪᠡᠳ ᠦᠨᠳᠦᠰᠦᠳᠡᠨ ᠤ ᠦᠪᠡᠷᠳᠡᠬᠡᠨ ᠵᠠᠰᠠᠬᠤ ᠵᠸᠤ ᠳᠤ ᠬᠠᠷᠢᠶᠠᠯᠠᠭᠳᠠᠵᠤ᠂ ᠰᠢᠶᠠᠨ ᠤ ᠬᠠᠷᠢᠶᠠᠨ ᠳᠡᠬᠢ ᠭᠠᠵᠠᠷ ᠤᠨ ᠭᠠᠳᠠᠷᠭᠤ ᠦᠨᠳᠦᠷᠯᠢᠭ᠂ ᠨᠠᠭᠤᠷ ᠴᠦᠬᠦᠷᠦᠮ᠂ ᠪᠤᠳᠠ ᠮᠤᠳᠤ᠂ ᠬᠡᠭᠡᠷ᠎ᠠ ᠲᠠᠯ᠎ᠠ ᠵᠡᠷᠬᠡ ᠶᠢ ᠪᠠᠭᠳᠠᠭᠠᠭᠰᠠᠨ ᠢᠶᠡᠷ ᠦᠯᠦ ᠪᠠᠷᠠᠨ ᠪᠠᠰᠠ ᠬᠦᠬᠡᠨᠠᠭᠤᠷ ᠲᠦᠪᠡᠳ ᠤᠨ ᠦᠨᠳᠦᠷᠯᠢᠭ᠍ ᠤᠨ ᠵᠡᠷᠯᠢᠭ᠌᠌ ᠠᠮᠢᠳᠠᠨ ᠤ ᠤᠷᠤᠩᠨᠠᠬᠤ ᠭᠠᠵᠠᠷ ᠤᠨ ᠨᠢᠬᠡ  ᠶᠤᠮ᠃ ᠰᠡᠬᠦᠯ ᠤᠨ ᠵᠢᠯ ᠤᠳ ᠲᠤ᠂ ᠯᠠᠨ ᠼᠠᠩ ᠮᠦᠷᠡᠨ ᠤ ᠡᠬᠢᠨ ᠳᠤ ᠪᠠᠶᠢᠷᠢᠰᠢᠭ᠎ᠠ ᠽᠠᠳ᠋ᠦ᠋ᠸᠸ ᠰᠢᠶᠠᠨ ᠤᠷᠴᠢᠨ ᠲᠤᠭᠤᠷᠢᠨ ᠤ ᠬᠠᠮᠠᠭᠠᠯᠠᠯᠳᠠ᠂ ᠢᠷᠭᠡᠳ ᠤᠨ ᠠᠮᠢᠵᠢᠷᠠᠭᠠᠨ ᠤ ᠰᠠᠶᠢᠵᠢᠷᠠᠯᠳᠠ᠂ ᠨᠡᠶᠢᠬᠡᠮ ᠤᠨ ᠬᠦᠭ᠍ᠵᠢᠯᠳᠡ ᠵᠡᠷᠬᠡ ᠲᠠᠯ᠎ᠠ ᠪᠡᠷ ᠲᠦᠷᠭᠡᠨ ᠠᠬᠢᠴᠠ ᠲᠠᠢ ᠪᠤᠯᠤᠭᠰᠠᠨ ᠪᠢᠯᠡ᠃ 2015 ᠤᠨ ᠡᠴᠡ ᠡᠬᠢᠯᠡᠨ᠂ ᠲᠤᠰ ᠰᠢᠶᠠᠨ ᠬᠤᠭ ᠶᠢ ᠠᠩᠬᠢᠯᠠᠨ ᠬᠤᠪᠢᠶᠠᠵᠤ ᠰᠢᠶ᠋ᠳᠪᠦᠷᠢᠯᠡᠬᠦ ᠠᠷᠭ᠎ᠠ ᠶᠢ ᠲᠦᠷᠦᠭᠦᠯᠡᠨ ᠬᠡᠷᠡᠭᠵᠢᠬᠦᠯᠬᠦ ᠶᠢᠨ ᠵᠡᠷᠬᠡᠴᠡᠬᠡ ᠰᠤᠷᠭᠠᠭᠤᠯᠢ ᠶᠢᠨ ᠬᠦᠷᠢᠶᠡᠨ ᠳᠤ ᠬᠤᠭ ᠢᠶᠡᠷ ᠢᠳᠡᠬᠡᠨ ᠰᠤᠯᠢᠬᠤ ᠠᠵᠢᠯᠯᠠᠭ᠎ᠠ ᠦᠷᠨᠢᠬᠦᠯᠦᠨ᠂ ᠬᠤᠳᠠ ᠪᠠᠯᠭᠠᠰᠤ ᠴᠤ᠋ ᠰᠢᠨ᠎ᠡ ᠲᠦᠷᠬᠦ ᠲᠠᠢ ᠪᠤᠯᠤᠭᠰᠠᠨ ᠪᠠᠶᠢᠨ᠎ᠠ᠃ (ᠵᠢᠷᠤᠭ ᠢ ᠰᠢᠨᠵᠢᠶᠠᠩ ᠤᠨ ᠪᠠᠶᠠᠨᠭᠤᠤᠯ ᠡᠳᠦᠷ ᠤᠨ ᠰᠤᠨᠢᠨ ᠤ ᠰᠤᠷᠪᠤᠯᠵᠢᠯᠠᠭᠴᠢ ᠴᠦ᠋‍᠊ • ᠬᠤᠷᠠᠢ᠂ ᠲᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

 

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121461568