蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ᠄ ᠲᠠᠷᠢᠮ ᠭᠤᠤᠯ ᠵᠢᠷᠤᠭ ᠮᠡᠲᠤ

2017-09-11 12:33

9 ᠰᠠᠷ᠎ᠠ ᠶᠢᠨ 9 ᠤ ᠡᠳᠦᠷ ᠵᠢᠷᠤᠭᠯᠠᠭᠰᠠᠨ ᠰᠢᠨᠵᠢᠶᠠᠩ ᠤᠨ ᠲᠠᠷᠢᠮ ᠭᠤᠤᠯ

    2017 ᠤᠨ ᠤ ᠴᠠᠭᠠᠨ ᠰᠢᠭᠦᠳᠡᠷᠢ ᠦᠩᠭᠡᠷᠡᠭᠰᠡᠨ ᠤ ᠳᠠᠷᠠᠭ᠎ᠠ᠂ ᠰᠢᠨᠵᠢᠶᠠᠩ ᠤᠨ ᠲᠠᠷᠢᠮ ᠭᠤᠤᠯ ᠶᠡᠷᠦ ᠪᠤᠰᠤ ᠶᠢᠨ ᠦᠵᠡᠰᠭᠦᠯᠡᠩᠲᠠᠢ ᠪᠤᠯᠪᠠ᠃ 2000 ᠤᠨ ᠡᠴᠡ ᠡᠬᠢᠯᠡᠨ ᠤᠯᠤᠰ ᠡᠴᠡ 100 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠵᠤ ᠲᠠᠷᠢᠮ ᠭᠤᠤᠯ ᠳᠤ ᠶᠡᠷᠦᠩᠬᠡᠶᠢᠯᠡᠭᠰᠡᠨ ᠵᠠᠰᠠᠯᠭ᠎ᠠ ᠭᠢᠭ᠍ᠰᠡᠨ ᠡᠴᠡ ᠨᠠᠰᠢ ᠠᠷᠪᠠᠨ ᠬᠡᠳᠦᠨ ᠵᠢᠯ ᠤᠨ ᠲᠤᠷᠰᠢ᠂ ᠲᠠᠷᠢᠮ ᠭᠤᠤᠯ ᠤᠷᠢᠳ ᠬᠤᠵᠢᠳ 18 ᠤᠳᠠᠭ᠎ᠠ ᠠᠮᠢ ᠠᠬᠤᠢ ᠶᠢᠨ ᠤᠰᠤ ᠳᠠᠮᠵᠢᠭᠤᠯᠵᠤ᠂ ᠠᠮᠢ ᠠᠬᠤᠢ ᠶᠢᠨ ᠤᠰᠤ ᠳᠠᠮᠵᠢᠭᠤᠯᠬᠤ ᠢᠨᠵᠸᠨ᠋ᠸᠷᠢᠩ ᠠᠯᠭᠤᠮ ᠢᠶᠡᠷ《ᠬᠡᠪᠰᠢᠭᠰᠡᠨ》 ᠪᠠᠶᠢᠳᠠᠯ ᠲᠠᠢ ᠪᠤᠯᠵᠠᠢ᠃ ᠤᠰᠤ ᠳᠠᠮᠵᠢᠭᠤᠯᠤᠭᠰᠠᠨ ᠢᠶᠡᠷ ᠶᠡᠬᠡ ᠬᠡᠮᠵᠢᠶᠠᠨ ᠤ ᠬᠤᠵᠢᠷᠰᠢᠬᠰᠠᠨ ᠲᠠᠷᠢᠶᠠᠨ ᠭᠠᠵᠠᠷ ᠰᠠᠶᠢᠵᠢᠷᠠᠵᠤ᠂ ᠡᠯᠡᠰᠦᠷᠬᠡᠭ᠌ ᠭᠠᠵᠠᠷ ᠤᠨ ᠲᠠᠯᠠᠪᠠᠢ ᠮᠡᠳᠡᠭᠳᠡᠮ᠎ᠠ ᠪᠠᠭᠠᠰᠤᠨ᠂ ᠳᠤᠤᠷᠠᠲᠤ ᠤᠷᠤᠰᠬᠠᠯ ᠤᠨ ᠡᠷᠬᠢ ᠳᠠᠭᠠᠤ ᠶᠢᠨ ᠤᠷᠭᠤᠮᠠᠯ ᠤᠨ ᠪᠦᠷᠬᠦᠴᠡ ᠠᠳᠠᠯᠢ ᠪᠤᠰᠤ ᠬᠡᠮᠵᠢᠶ᠎ᠠ ᠪᠡᠷ ᠰᠡᠷᠭᠦᠪᠡ᠃ (ᠵᠢᠷᠤᠭ ᠢ ᠰᠢᠨᠵᠢᠶᠠᠩ ᠤᠨ ᠪᠠᠶᠠᠨᠭᠤᠤᠯ ᠡᠳᠦᠷ ᠤᠨ ᠰᠤᠨᠢᠨ ᠤ ᠰᠤᠷᠪᠤᠯᠵᠢᠯᠠᠭᠴᠢ ᠴᠦ᠋‍᠊·ᠬᠤᠷᠠᠢ)

9 ᠰᠠᠷ᠎ᠠ ᠶᠢᠨ 9 ᠤ ᠡᠳᠦᠷ ᠤᠨ ᠦᠦᠷ ᠢᠶᠡᠷ᠂ ᠨᠢᠭᠡᠨ ᠭᠡᠷᠡᠯ ᠵᠢᠷᠤᠭ ᠤᠨ ᠪᠠᠬᠠᠲᠠᠨ ᠰᠢᠨᠵᠢᠶᠠᠩ ᠤᠨ ᠲᠠᠷᠢᠮ ᠭᠤᠤᠯ ᠤᠨ ᠡᠷᠭᠢ ᠳᠤ ᠲᠤᠤᠷᠠᠢ ᠶᠢᠨ ᠤᠢ ᠶᠢᠨ ᠦᠵᠡᠮᠵᠢ ᠶᠢ ᠵᠢᠷᠤᠭᠯᠠᠵᠤ ᠪᠠᠶᠢᠭ᠎ᠠ ᠨᠢ

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121643206