蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠪᠠᠶᠠᠨᠨᠠᠭᠤᠷ ᠬᠤᠳᠠ ᠯᠤᠤᠳᠤ ᠵᠠᠪᠢ ᠶᠢᠨ ᠤᠷᠤᠯᠳᠤᠭᠠᠨ ᠵᠤᠬᠢᠶᠠᠨ ᠪᠠᠶᠢᠭᠤᠯᠤᠨ᠎ᠠ

2016-06-03 16:29

    ᠰᠢᠨᠬᠤᠧᠠ ᠬᠤᠷᠢᠶ᠎ᠠ   ᠬᠦᠬᠡᠬᠤᠳᠠ ᠶᠢᠨ 6 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠸᠠᠩ ᠴᠦᠨ ᠶᠠᠨ) ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠪᠠᠶᠠᠨᠨᠠᠭᠤᠷ ᠬᠤᠳᠠ ᠶᠢᠨ ᠪᠡᠶ᠎ᠡ ᠶᠢᠨ ᠳᠠᠮᠢᠷ ᠤᠨ ᠳᠤᠪᠴᠢᠶᠠᠨ ᠡᠴᠡ ᠤᠶᠢᠯᠠᠭᠠᠭᠰᠠᠨ ᠢᠶᠡᠷ᠂ ᠪᠠᠶᠠᠨᠨᠠᠭᠤᠷ ᠬᠤᠳᠠ ᠨᠢ ᠳᠠᠪᠤᠨ ᠰᠠᠷ᠎ᠠ ᠶᠢᠨ ᠰᠢᠨ᠎ᠡ ᠶᠢᠨ ᠳᠠᠪᠤᠨ ᠤ ᠪᠠᠶᠠᠷ (6 ᠰᠠᠷ᠎ᠠ ᠶᠢᠨ 9 ᠤ ᠡᠳᠦᠷ᠎) ᠢᠶᠡᠷ ᠬᠠᠳᠤᠨ ᠭᠤᠤᠯ ᠳᠡᠬᠡᠷᠡᠬᠢ ᠪᠤᠷᠤᠳᠤᠬᠤᠢ ᠶᠢᠨ ᠰᠤᠶᠤᠯ ᠵᠢᠭᠤᠯᠴᠢᠯᠠᠯ ᠤᠨ ᠪᠦᠰᠡ ᠳᠤ ᠯᠤᠤᠳᠤ ᠵᠠᠪᠢ ᠶᠢᠨ ᠤᠷᠤᠯᠳᠤᠭᠠᠨ ᠵᠤᠬᠢᠶᠠᠨ ᠪᠠᠶᠢᠭᠤᠯᠬᠤ ᠪᠡᠷ ᠪᠠᠶᠢᠨ᠎ᠠ᠃

    ᠡᠨᠡᠬᠦ ᠠᠵᠢᠯᠯᠠᠭ᠎ᠠ ᠪᠡᠷ ᠡᠷᠡᠭᠳᠡᠢ ᠶᠢᠨ (12 ᠳᠠᠮᠢᠷᠴᠢᠨ) ᠵᠢᠵᠢᠭ᠌ ᠵᠠᠪᠢ ᠶᠢᠨ 300 ᠮᠧᠲ᠋ᠷ ᠤᠨ ᠰᠢᠯᠤᠭᠤᠨ ᠱᠤᠭᠤᠮ ᠤᠨ ᠤᠷᠤᠯᠳᠤᠭᠠᠨ ᠢ ᠵᠤᠬᠢᠶᠠᠨ ᠪᠠᠶᠢᠭᠤᠯᠵᠤ᠂ ᠳᠤᠬᠠᠢ ᠶᠢᠨ ᠤᠷᠤᠨ ᠤ 20 ᠭᠠᠷᠤᠢ ᠳᠦᠯᠦᠬᠡᠯᠡᠬᠦ ᠪᠠᠭ ᠦᠷᠢᠰᠦᠯᠳᠦᠬᠦ ᠪᠤᠯᠤᠨ᠎ᠠ᠃ ᠤᠷᠤᠯᠳᠤᠭᠠᠨ ᠳᠤ ᠤᠷᠤᠯᠴᠠᠬᠤ ᠬᠦᠮᠦᠰ ᠤᠨ ᠢᠳᠡᠪᠬᠢᠵᠢᠯ ᠢ ᠤᠯᠠᠮ ᠳᠠᠶᠢᠴᠢᠯᠠᠬᠤ ᠶᠢᠨ ᠳᠦᠯᠦᠬᠡ᠂ ᠳᠡᠷᠢᠬᠦᠨ ᠱᠠᠩᠨᠠᠯ ᠢ ᠦᠩᠬᠡᠷᠡᠭᠰᠡᠨ ᠵᠢᠯ ᠤᠨ 1.2 ᠳᠦᠮᠡᠨ ᠳᠦᠬᠦᠷᠢᠭ᠌ ᠡᠴᠡ ᠨᠡᠮᠡᠭᠳᠡᠬᠦᠯᠦᠬᠡᠳ ᠦᠨᠦ ᠵᠢᠯ 3 ᠳᠦᠮᠡᠨ ᠳᠦᠬᠦᠷᠢᠭ᠌ ᠪᠤᠯᠭᠠᠭᠰᠠᠨ ᠳᠡᠳᠦᠢ ᠦᠬᠡᠢ ᠡᠮᠦᠨ᠎ᠡ ᠨᠠᠶ᠋ᠮᠠ ᠳᠤ ᠤᠷᠤᠭᠰᠠᠳ ᠢ ᠱᠠᠩᠨᠠᠵᠤ ᠪᠠᠶᠢᠭᠰᠠᠨ ᠢᠶᠡᠨ ᠤᠳᠤ ᠡᠮᠦᠨ᠎ᠡ ᠠᠷᠪᠠᠨ ᠬᠤᠶᠠᠷ ᠲᠤ ᠳᠤᠳᠤᠷᠠᠭᠰᠠᠳ ᠢ ᠱᠠᠩᠨᠠᠬᠤ ᠪᠡᠷ ᠪᠤᠯᠵᠠᠢ᠃

    ᠤᠶᠢᠯᠠᠭᠠᠭᠰᠠᠨ ᠢᠶᠡᠷ᠂ ᠪᠠᠶᠠᠨᠨᠠᠭᠤᠷ ᠬᠤᠳᠠ ᠨᠢ ᠡᠨᠡᠬᠦ ᠤᠷᠤᠯᠳᠤᠭᠠᠨ ᠢ 2014 ᠤᠨ ᠡᠴᠡ ᠡᠬᠢᠯᠡᠵᠤ ᠵᠤᠬᠢᠶᠠᠨ ᠪᠠᠶᠢᠭᠤᠯᠤᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118987083