蒙古文网站Logo
ᠰᠢᠨᠬᠤᠸᠠ ᠮᠤᠩᠭ᠋ᠤᠯ ᠨᠧᠲ

ᠨᠤᠭᠤᠭᠠᠨ ᠳᠡᠨᠵᠢᠨ ᠳᠡᠬᠢ ᠬᠦᠭ᠍ᠵᠢᠶᠡᠨᠲᠤ ᠲᠡᠪᠵᠢᠶ᠎ᠠ --ᠰᠢᠨᠡᠬᠡᠨ ᠬᠤᠨᠳᠠᠭᠠᠲᠤ ᠬᠦᠯ ᠪᠦᠮᠪᠦᠭᠡ ᠶᠢᠨ ᠤᠷᠤᠯᠳᠤᠭᠠᠨ ᠤ 30 ᠵᠢᠯ ᠤᠨ ᠤᠢ ᠶᠢ ᠲᠡᠮᠳᠡᠭᠯᠡᠪᠡ

2016-08-15 16:21

    ᠰᠢᠨᠬᠤᠸᠠ ᠮᠣᠩᠭᠣᠯ ᠨᠸᠲ  ᠬᠦᠯᠦᠨ ᠪᠤᠶᠢᠷ ᠤᠨ 8 ᠰᠠᠷ᠎ᠠ ᠶᠢᠨ 15 ᠤ᠋ ᠡᠳᠦᠷ ᠤᠨ ᠴᠠᠬᠢᠯᠭᠠᠨ ᠮᠡᠳᠡᠭᠡ 2016 ᠤᠨ ᠤ 7 ᠰᠠᠷ᠎ᠠ ᠶᠢᠨ 31 ᠤ᠋ ᠡᠳᠦᠷ《ᠰᠢᠨᠡᠬᠡᠨ ᠬᠤᠨᠳᠠᠭᠠᠲᠤ》ᠬᠦᠯ ᠪᠦᠮᠪᠦᠭᠡ ᠶᠢᠨ ᠤᠷᠤᠯᠳᠤᠭᠠᠨ ᠤ 30 ᠵᠢᠯ ᠤᠨ ᠤᠢ ᠪᠡᠨ ᠡᠸᠡᠩᠭᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠰᠢᠨᠡᠬᠡᠨ ᠪᠠᠷᠠᠭᠤᠨ ᠰᠤᠮᠤᠨ ᠤ ᠨᠤᠭᠤᠭᠠᠨ ᠳᠡᠨᠵᠢᠨ ᠳᠤ ᠰᠠᠶᠢᠬᠠᠨ ᠲᠡᠮᠳᠡᠭᠯᠡᠯ᠎ᠠ᠃

    ᠡᠨᠡᠬᠦ ᠦᠢᠯᠡ ᠠᠵᠢᠯᠯᠠᠭ᠎ᠠ ᠶᠢ ᠬᠤᠰᠢᠭᠤ ᠰᠤᠮᠤᠨ ᠤ ᠬᠢᠨ ᠮᠠᠰᠢ ᠴᠢᠬᠤᠯᠠᠴᠢᠯᠠᠨ ᠦᠵᠡᠵᠤ᠂ ᠤᠯᠤᠰ ᠤᠨ ᠬᠦᠯ ᠪᠦᠮᠪᠦᠭᠡ ᠶᠢᠨ ᠨᠡᠶᠢᠭᠡᠮᠯᠢᠭ᠌ ᠤᠨ ᠲᠤᠰᠬᠠᠢ ᠮᠡᠷᠭᠡᠵᠢᠯᠲᠠᠨ ᠤᠷᠢᠵᠤ ᠬᠦᠯ ᠪᠦᠮᠪᠦᠭᠡ ᠶᠢᠨ ᠬᠦᠭ᠍ᠵᠢᠯᠲᠠ ᠶᠢᠨ ᠹᠦᠷᠤᠮ ᠬᠢᠵᠤ᠂ 《ᠰᠢᠨᠡᠬᠡᠨ ᠬᠤᠨᠳᠠᠭᠠᠲᠤ》 ᠬᠦᠯ ᠪᠦᠮᠪᠦᠭᠡᠨ ᠤ ᠠᠩᠭᠢ ᠶᠢᠨ ᠭᠤᠴᠢᠨ ᠵᠢᠯ ᠤᠨ ᠤᠯᠠ ᠮᠦᠷ ᠢ ᠬᠠᠷᠠᠭᠤᠯᠤᠭᠰᠠᠨ ᠤᠬᠤᠷ ᠺᠢᠯᠢᠪ ᠦᠢᠯᠡᠳᠪᠡ᠃ ᠡᠶᠢᠨᠬᠦ ᠭᠤᠴᠢᠳᠤᠭᠠᠷ ᠬᠤᠭᠤᠴᠠᠭᠠᠨ ᠤ 《ᠰᠢᠨᠡᠬᠡᠨ ᠬᠤᠨᠳᠠᠭᠠᠲᠤ》ᠬᠦᠯ ᠪᠦᠮᠪᠦᠭᠡ ᠶᠢᠨ ᠤᠷᠤᠯᠳᠤᠭᠠᠨ ᠨᠢ ᠠᠬᠠᠮᠠᠳ ᠤᠳ ᠪᠤᠯᠤᠨ ᠬᠡᠤᠬᠡᠳ ᠤᠨ ᠨᠦᠬᠦᠷᠯᠡᠯ ᠤᠨ ᠤᠷᠤᠯᠳᠤᠭᠠᠨ ᠢᠶᠡᠷ ᠡᠬᠢᠯᠡᠵᠤ᠂ ᠮᠢᠩᠭ᠋ᠠᠨ ᠬᠦᠮᠦᠨ ᠤ ᠶᠤᠬᠤᠷ ᠬᠠᠲᠠᠷᠢ ᠪᠦᠵᠢᠭ᠌ ᠲᠠᠢ ᠳᠤᠮᠳᠠᠳᠤ᠂ ᠮᠣᠩᠭᠣᠯ᠂ ᠤᠷᠤᠰ ᠭᠤᠷᠪᠠᠨ ᠤᠯᠤᠰ ᠤᠨ ᠲᠤᠭᠯᠠᠭᠴᠢᠳ ᠤᠨ ᠤᠷᠤᠯᠴᠠᠭ᠎ᠠ ᠲᠠᠢ᠂ ᠪᠤᠷᠢᠶᠠᠳ ᠵᠠᠯᠠᠭᠤᠰ ᠤᠨ ᠠᠪᠢᠶᠠᠰ ᠪᠢᠯᠢᠭ᠌ ᠢ ᠬ᠋ᠠᠶᠢᠬᠠᠭᠤᠯᠤᠭᠰᠠᠨ ᠲᠦᠷᠪᠡᠳᠦᠭᠡᠷ ᠬᠤᠭᠤᠴᠠᠭᠠᠨ ᠤ《ᠴᠡᠯᠬᠢᠶᠡᠬᠡᠨ ᠰᠢᠨᠡᠬᠡᠨ》ᠮᠠᠯᠴᠢᠳ ᠤᠨ ᠰᠤᠶᠤᠯ ᠤᠷᠠᠯᠢᠭ ᠤᠨ ᠨᠠᠶᠢᠷ ᠢᠶᠡᠷ ᠤᠷᠤᠯᠳᠤᠭᠠᠨ ᠢᠶᠡᠨ ᠵᠢᠷᠭᠠᠭᠠᠬᠰᠠᠨ ᠰᠠᠶᠢᠬᠠᠨ ᠨᠠᠭᠠᠳᠤᠮ ᠪᠤᠯᠵᠠᠢ᠃

    ᠤᠶᠢᠯᠠᠭᠠᠭᠰᠠᠨ ᠢᠶᠡᠷ᠂ ᠤᠰᠤ ᠨᠤᠲᠤᠭ ᠤᠨ ᠢᠶᠡᠨ ᠲᠠᠮᠢᠷ ᠤᠷᠠᠯᠢᠭ ᠤᠨ ᠦᠢᠯᠡᠰ ᠤᠨ ᠭᠦᠭ᠍ᠵᠢᠯᠲᠠ᠂ ᠬᠦᠮᠦᠨ ᠵᠤᠨ ᠤ ᠪᠠᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠲᠤ ᠨᠡᠮᠡᠷᠢ ᠪᠤᠯᠬᠤ ᠵᠤᠷᠢᠯᠭ᠎ᠠ ᠪᠡᠷ1986 ᠤᠨ ᠡᠴᠡ ᠰᠢᠨᠡᠬᠡᠨ ᠬᠤᠨᠳᠠᠭᠠᠲᠤ ᠬᠦᠯ ᠪᠦᠮᠪᠦᠭᠡ ᠶᠢᠨ ᠤᠷᠤᠯᠳᠤᠭᠠᠨ ᠢᠶᠡᠨ ᠡᠬᠢᠯᠡᠭᠦᠯᠤᠭ᠍ᠰᠡᠨ ᠶᠤᠮ᠃ ᠠᠩᠬ᠎ᠠ ᠡᠬᠢᠨ ᠳᠡᠭᠡᠨ ᠰᠤᠮᠤᠨ ᠤ ᠬᠡᠪᠴᠢᠶᠡᠨ ᠳᠡᠬᠢ ᠬᠦᠯ ᠪᠦᠮᠪᠦᠭᠡᠨ ᠳᠤ ᠲᠤᠷ᠎ᠠ ᠪᠠᠬᠠᠲᠠᠢ ᠬᠦᠮᠦᠰ ᠬᠤᠭᠤᠷᠤᠨᠲᠤ ᠪᠡᠨ ᠭᠠᠴᠠᠭ᠎ᠠ ᠭᠠᠴᠠᠭ᠎ᠠ ᠪᠡᠷ ᠢᠶᠡᠨ ᠨᠢᠭᠡᠴᠡᠯᠡᠨ ᠤᠷᠤᠯᠳᠤᠳᠠᠭ ᠪᠠᠭ᠎ᠠ ᠬᠡᠪᠴᠢᠶᠠᠨ ᠤ ᠤᠷᠤᠯᠳᠤᠭᠠᠨ ᠪᠠᠶᠢᠭᠰᠠᠨ ᠪᠤᠯ ᠤᠳᠤ ᠪᠦᠬᠦ ᠰᠢᠨᠡᠬᠡᠨ  ᠵᠢᠴᠢ ᠬᠦᠯᠦᠨ ᠪᠤᠶᠢᠷ ᠬᠤᠲᠠ ᠶᠢᠨ ᠤᠯᠠᠨ ᠲᠦᠮᠡᠨᠴᠢ ᠲᠠᠮᠢᠷ ᠤᠨ ᠬᠦᠳᠡᠯᠭᠡᠭᠡᠨ ᠪᠤᠯᠵᠤ ᠦᠷᠨᠢᠨ᠂ ᠤᠯᠤᠰ ᠳᠠᠶᠠᠭᠠᠷ ᠲᠤ ᠬᠤᠪᠤᠷᠬᠠᠨ ᠰᠤᠮᠤ ᠶᠢᠨ ᠳᠡᠰ ᠤᠨ ᠬᠡᠪᠴᠢᠶᠡᠵᠢᠭᠰᠡᠨ ᠲᠦᠷᠢᠮᠵᠢᠭᠰᠡᠨ ᠬᠦᠯ ᠪᠦᠮᠪᠦᠭᠡ ᠶᠢᠨ ᠤᠷᠤᠯᠳᠤᠭᠠᠨ ᠪᠤᠯᠵᠤ ᠤᠰᠤ ᠨᠤᠲᠤᠭ ᠤᠨ ᠢᠶᠡᠨ ᠠᠯᠳᠠᠷ ᠨᠡᠷ᠎ᠡ ᠶᠢ ᠳᠠᠭᠤᠷᠢᠰᠤᠭᠤᠯᠤᠭᠰᠠᠨ ᠶᠤᠮ᠃ (ᠰᠢᠨᠬᠤᠸᠠ ᠮᠣᠩᠭᠣᠯ ᠨᠸᠲ ᠤᠨ ᠬ・ᠦᠵᠡᠰᠭᠦᠯᠡᠩ᠂ ᠪᠠᠢ ᠯᠢᠩ ᠳ᠋ᠢ᠂ ᠬᠦᠯᠦᠨ ᠪᠤᠶᠢᠷ ᠬᠤᠲᠠ ᠶᠢᠨ ᠷᠠᠳᠢᠤ᠋ ᠲᠸᠯᠸᠢᠰ ᠬᠤᠷᠢᠶᠠᠨ ᠤ ᠮᠣᠩᠭᠣᠯ ᠬᠡᠯᠡᠨ ᠤ ᠶᠡᠷᠦᠩᠬᠡᠶᠢᠯᠡᠭᠰᠡᠨ ᠷᠠᠳᠢᠤ᠋ ᠶᠢᠨ ᠪᠠᠯᠵᠢᠮ᠎ᠠ ᠮᠡᠳᠡᠭᠡᠯᠡᠪᠡ)

ᠨᠡᠭᠡᠭᠡᠯᠲᠡ ᠶᠢᠨ ᠶᠤᠰᠤᠯᠠᠯ ᠤᠨ ᠦᠶ᠎ᠡ ᠪᠡᠷ ᠲᠠᠯᠠᠪᠠᠢ ᠳᠤ ᠤᠷᠤᠵᠦ ᠪᠠᠶᠢᠭ᠎ᠠ ᠨᠢ

ᠬᠦᠯ ᠪᠦᠮᠪᠦᠭᠡ ᠶᠢᠨ ᠲᠠᠮᠢᠷᠴᠢᠳ ᠨᠡᠭᠡᠭᠡᠯᠲᠡ ᠶᠢᠨ ᠶᠤᠰᠤᠯᠠᠯ ᠤᠨ ᠦᠶ᠎ᠡ ᠪᠡᠷ ᠲᠠᠯᠠᠪᠠᠢ ᠳᠤ ᠤᠷᠤᠵᠦ ᠪᠠᠶᠢᠭ᠎ᠠ ᠨᠢ

ᠬᠦᠯ ᠪᠦᠮᠪᠦᠭᠡ ᠶᠢᠨ ᠲᠠᠮᠢᠷᠴᠢᠳ ᠨᠡᠭᠡᠭᠡᠯᠲᠡ ᠶᠢᠨ ᠶᠤᠰᠤᠯᠠᠯ ᠤᠨ ᠦᠶ᠎ᠡ ᠪᠡᠷ ᠲᠠᠯᠠᠪᠠᠢ ᠳᠤ ᠤᠷᠤᠵᠦ ᠪᠠᠶᠢᠭ᠎ᠠ ᠨᠢ

ᠤᠷᠤᠯᠳᠤᠭᠠᠨ ᠤ ᠦᠶ᠎ᠡ ᠪᠡᠷ

ᠤᠷᠤᠯᠳᠤᠭᠠᠨ ᠤ ᠦᠶ᠎ᠡ ᠪᠡᠷ

ᠤᠷᠤᠯᠳᠤᠭᠠᠨ ᠳ᠋ᠤ ᠢᠯᠠᠬᠰᠠᠨ ᠪᠠᠬ ᠤᠨ ᠬᠢᠨ ᠠᠮᠵᠢᠯᠲᠠ ᠪᠠᠨ ᠪᠡᠯᠭᠡᠯᠡᠵᠦ ᠪᠤᠢ

ᠨᠡᠭᠡᠭᠡᠯᠲᠡ ᠶᠢᠨ ᠶᠤᠰᠤᠯᠠᠯ ᠤᠨ ᠦᠶ᠎ᠡ ᠪᠡᠷ ᠲᠤᠬᠯᠠᠵᠦ ᠪᠠᠶᠢᠭ᠎ᠠ ᠨᠢ

ᠠᠬᠠᠮᠠᠳ ᠤᠨ ᠪᠠᠬ ᠤᠨ ᠬᠠᠮᠲᠤ ᠶᠢᠨ ᠵᠢᠷᠤᠬ


ᠳᠠᠭᠤᠴᠢᠨ ᠴᠡᠴᠡᠭᠮ᠎ᠠ

ᠳᠠᠭᠤᠴᠢᠨ ᠪᠦᠷᠢᠨᠪᠠᠶᠠᠷ ᠤᠷᠮ᠎᠎ᠠ ᠬᠤᠶᠠᠭᠤᠯᠠ ᠪᠠᠨ

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119394246