蒙古文网站Logo
ᠰᠢᠨᠬᠤᠸᠠ ᠮᠤᠩᠭ᠋ᠤᠯ ᠨᠧᠲ

2016 ᠤᠨ ᠤ ᠳᠤᠮᠳᠠᠳᠤ ᠤᠯᠤᠰ ᠤᠨ ᠮᠠᠰᠢᠨ ᠤ ᠷᠠᠯᠢ ᠲᠡᠮᠡᠴᠡᠭᠡᠨ 25 ᠤ ᠡᠳᠦᠷ ᠪᠤᠭᠤᠲᠤ ᠬᠤᠲᠠ ᠳᠤ ᠡᠬᠢᠯᠡᠨ᠎ᠡ

2016-09-18 17:16

    9 ᠰᠠᠷ᠎ᠠ ᠵᠢᠨ 25 ᠤ᠋ ᠡᠳᠦᠷ᠂ 2016 ᠤᠨ ᠤ ᠍ᠳᠤᠮᠳᠠᠳᠤ ᠤᠯᠤᠰ ᠤᠨ ᠮᠠᠰᠢᠨ ᠤ ᠷᠠᠯᠢ ᠲᠡᠮᠡᠴᠡᠭᠡᠨ ᠪᠤᠭᠤᠲᠤ ᠬᠤᠲᠠ ᠳᠤ ᠡᠬᠢᠯᠡᠬᠦ ᠪᠡᠷ ᠪᠤᠯᠤᠯ᠎ᠠ᠃  ᠤᠶᠢᠯᠠᠭᠠᠭᠰᠠᠨ ᠢᠶᠡᠷ᠂᠍᠍ ᠳ᠍ᠤᠮᠳᠠᠳᠤ ᠤᠯᠤᠰ ᠤᠨ ᠮᠠᠰᠢᠨ ᠤ ᠷᠠᠯᠢ ᠲᠡᠮᠡᠴᠡᠭᠡᠨ ᠨᠢ ᠳ᠍ᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠤᠪᠴᠢᠶ᠎ᠠ ᠡᠴᠡ ᠰᠢᠨ ᠵᠦᠩ ᠯᠢ ᠬᠦᠷᠦᠩᠬᠡᠲᠦ ᠪᠦᠯᠦᠭᠯᠡᠯ ᠪᠤᠯᠤᠨ ᠲᠦᠪ ᠤᠨ ᠷᠠᠳᠢᠦ‍᠋ ᠲᠸᠯᠸᠶ᠋ᠰ ᠬᠤᠷᠢᠶ᠎ᠠ ᠲᠠᠢ ᠬᠠᠮᠲᠤᠷᠠᠨ ᠵᠤᠬᠢᠶᠠᠨ ᠪᠠᠶᠢᠭᠤᠯᠤᠭᠰᠠᠨ ᠳ᠍ᠤᠮᠳᠠᠳᠤ ᠤᠯᠤᠰ ᠤᠨ ᠪᠡᠶ᠎ᠡ ᠳ᠍ᠠᠭᠠᠭᠠᠭᠰᠠᠨ ᠮᠡᠳᠡᠯᠭᠡ ᠵᠢᠨ ᠦᠮᠴᠢ ᠪᠤᠯᠬᠤ ᠲᠡᠷᠢᠭᠦᠨ ᠤ ᠲᠡᠮᠡᠴᠡᠭᠡᠨ ᠪᠤᠯᠤᠨ᠎ᠠ ᠃ ᠮᠦᠨ ᠴᠤᠷ ᠤᠨ ᠭᠠᠭᠴᠠ ᠮᠤᠵᠢ ᠬᠤᠲᠠ ᠠᠯᠤᠰᠯᠠᠭᠰᠠᠨ ᠤᠷᠲᠤ ᠠᠶᠠᠨ ᠤ ᠲᠡᠮᠡᠴᠡᠭᠡᠨ ᠪᠦᠭᠡᠳ ᠳ᠍ᠡᠯᠡᠬᠡᠢ ᠶᠢᠨ ᠬᠠᠮᠤᠭ ᠤᠨ ᠬᠦᠴᠢᠷ ᠪᠡᠷᠬᠡᠰᠢᠶᠡᠯ ᠲᠠᠢ ᠷᠠᠯᠢ ᠵᠢᠨ ᠲᠡᠮᠡᠴᠡᠭᠡᠨ ᠤ ᠨᠢᠭᠡ ᠪᠤᠯᠤᠨ᠎ᠠ᠃

    6500 ᠺᠢᠯᠤᠮᠸ᠍ᠲ᠋ᠷ ᠤᠨ ᠤᠷᠳᠤ ᠲᠠᠢ ᠤᠭ ᠳᠡᠮᠡᠴᠡᠬᠡᠨ ᠨᠢ ᠭᠤᠤᠯ ᠨᠠᠭᠤᠷ᠂ ᠬᠠᠳᠠ ᠬᠠᠪᠴᠢᠯ᠂ ᠡᠯᠡᠰᠦᠨ ᠴᠦᠯ᠂ ᠭᠤᠪᠢ᠂ ᠳ᠍ᠤᠪᠤ ᠵᠡᠷᠭᠡ ᠶᠠᠩᠵᠤ ᠪᠦᠷᠢ ᠵᠢᠨ ᠭᠠᠵᠠᠷ ᠤᠨ ᠪᠠᠶᠢᠴᠠ ᠲᠠᠢ ᠪᠡᠷ ᠢᠶᠡᠨ ᠪᠤᠰᠤᠳ ᠤᠯᠠᠨ ᠤᠯᠤᠰ ᠤᠨ ᠲᠡᠮᠡᠴᠡᠭᠡᠨ ᠡᠴᠡ ᠤᠨᠴᠠᠯᠠᠭᠳᠠᠵᠠᠢ᠃ ᠡᠨᠡᠬᠦ ᠳᠡᠮᠡᠴᠡᠬᠡᠨ ᠨᠢ 2013 ᠡᠴᠡ ᠡᠬᠢᠯᠡᠨ ᠵᠤᠬᠢᠶᠠᠨ ᠪᠠᠢᠭᠤᠯᠤᠭᠳᠠᠵᠤ᠂ ᠨᠢᠭᠡᠨᠲᠡ ᠭᠤᠷᠪᠠ ᠤᠳᠠᠭᠠᠨ ᠤ ᠳᠡᠮᠡᠴᠡᠬᠡᠨ ᠢᠶᠡᠨ ᠠᠮᠵᠢᠯᠲᠠ ᠲᠠᠢ ᠵᠤᠬᠢᠶᠠᠨ ᠪᠠᠶᠢᠭᠤᠯᠤᠭᠰᠠᠨ ᠪᠠᠶᠢᠭ᠎ᠠ ᠶᠤᠮ᠃

    ᠳᠤᠰ ᠤᠳᠠᠭᠠᠨ ᠤ ᠳᠡᠮᠡᠴᠡᠬᠡᠨ ᠨᠢ ᠪᠤᠭᠤᠲᠤ ᠬᠤᠲᠠ ᠡᠴᠡ ᠡᠬᠢᠯᠡᠵᠤ 9 ᠡᠳᠦᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠳᠠᠬᠤ ᠳᠤ ᠪᠡᠨ ᠤᠷᠠᠳ ᠤᠨ ᠬᠤᠶᠢᠲᠤ ᠬᠤᠰᠢᠭᠤ᠂ ᠠᠯᠠᠱᠠ ᠪᠠᠷᠠᠭᠤᠨ ᠬᠤᠰᠢᠭᠤ᠂ ᠵᠠᠩ ᠶᠸ᠂ ᠯᠢᠩ ᠡᠦ᠂ ᠠᠯᠠᠱᠠ ᠵᠡᠭᠦᠨ ᠬᠤᠰᠢᠭᠤ ᠵᠡᠷᠭᠡ ᠭᠠᠵᠠᠷ ᠶᠢᠡᠷ ᠳᠠᠮᠵᠢᠵᠤ᠂ ᠨᠡᠶᠢᠲᠡ ᠨᠠᠶᠠ ᠭᠠᠷᠤᠢ ᠮᠠᠰᠢᠨ᠂ ᠮᠢᠩ᠋ᠭ᠎ᠠ ᠲᠠᠪᠤᠨ ᠵᠠᠭᠤᠨ ᠬᠦᠮᠦᠨ ᠤᠷᠤᠯᠴᠠᠬᠤ ᠪᠤᠯᠤᠨ᠎ᠠ᠃ ᠵᠤᠬᠢᠶᠠᠨ ᠪᠠᠢᠭᠤᠯᠬᠤ ᠺᠤᠮᠢᠰ ᠨᠢ 200 ᠭᠠᠷᠤᠢ ᠮᠠᠰᠢᠡ᠂ ᠠᠷᠪᠠᠭᠠᠳ DAKAR ᠤ᠋ᠨ ᠤᠬᠢ ᠰᠤᠳᠤ ᠳᠡᠮᠡᠴᠡᠬᠡᠨ ᠤ ᠮᠠᠰᠢᠨ ᠪᠡᠯᠡᠳᠬᠡᠨ᠂ ᠪᠦᠬᠦ ᠶᠠᠪᠤᠴᠠ ᠳᠤ ᠵᠢᠷᠭᠤᠭᠠᠨ ᠪᠠᠭᠤᠴᠠ ᠲᠤᠬᠢᠷᠠᠭᠤᠯᠤᠨ ᠦᠶ᠋ᠯᠡᠴᠢᠯᠡᠨ᠎ᠡ᠃ (ᠳᠠᠳᠤᠯᠭ᠎ᠠ ᠶᠢᠨ ᠰᠤᠷᠤᠭᠴᠢ ᠪᠠᠶᠠᠰᠤᠯ ᠤᠷᠴᠢᠭᠤᠯᠪᠠ)

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119579734