微信打开
蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭᠣᠯ ᠣᠯᠠᠨ ᠤᠯᠤᠰ ᠤᠨ ᠮᠡᠷᠭᠡᠵᠢᠯ ᠤᠨ ᠪᠦᠬᠡ ᠶᠢᠨ ᠬᠠᠮᠲᠤᠷᠠᠭᠰᠠᠨ ᠲᠡᠮᠡᠴᠡᠭᠡᠨ ᠶᠠᠪᠤᠭᠳᠠᠭᠤᠯᠬᠤ ᠪᠡᠷ ᠪᠤᠯᠤᠯ᠎ᠠ

2016-09-21 11:56

    9 ᠰᠠᠷ᠎ᠠ ᠶᠢᠨ 20 ᠤ ᠡᠳᠦᠷ᠂ ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠤ ᠪᠡᠶ ᠠ  ᠶᠢᠨ ᠲᠠᠮᠢᠷ ᠤᠨ ᠲᠣᠪᠴᠢᠶ᠎ᠠ ᠡᠴᠡ ᠰᠠᠨᠠᠭᠠᠴᠢᠯᠠᠭᠰᠠᠨ ᠠᠩᠬᠠᠳᠤᠭᠠᠷ ᠬᠤᠭᠤᠴᠠᠭᠠᠨ ᠤ ᠣᠯᠠᠨ ᠤᠯᠤᠰ ᠤᠨ ᠮᠡᠷᠭᠡᠵᠢᠯ ᠤᠨ ᠪᠦᠬᠡ ᠶᠢᠨ ᠬᠠᠮᠲᠤᠷᠠᠭᠰᠠᠨ ᠲᠡᠮᠡᠴᠡᠭᠡᠨ ᠬᠦᠬᠡᠬᠣᠲᠠ ᠳᠤ ᠵᠤᠬᠢᠶᠠᠨ ᠪᠠᠶᠢᠭᠤᠯᠤᠭᠳᠠᠬᠤ ᠪᠤᠯᠤᠭᠰᠠᠨ ᠢ ᠠᠯᠪᠠᠨ ᠶᠤᠰᠤᠭᠠᠷ ᠵᠠᠷᠯᠠᠯ᠎ᠠ᠃

    ᠤᠶᠢᠯᠠᠭᠠᠭᠰᠠᠨ ᠢᠶᠡᠷ᠂ ᠣᠯᠠᠨ ᠤᠯᠤᠰ ᠤᠨ ᠮᠡᠷᠭᠡᠵᠢᠯ ᠤᠨ ᠪᠦᠬᠡ ᠶᠢᠨ ᠬᠠᠮᠲᠤᠷᠠᠭᠰᠠᠨ ᠲᠡᠮᠡᠴᠡᠭᠡᠨ ᠢ ᠲᠡᠯᠡᠬᠡᠢ ᠶᠢᠨ ᠬᠡᠪᠴᠢᠶᠠᠨ ᠳᠤ ᠠᠩᠬ᠎ᠠ ᠤᠳᠠᠭ᠎ᠠ ᠰᠠᠨᠠᠭᠠᠴᠢᠯᠠᠵᠤ ᠪᠠᠶᠢᠭ᠎ᠠ ᠳᠡᠳᠦᠢ ᠦᠬᠡᠢ ᠳᠤᠮᠳᠠᠳᠤ ᠤᠯᠤᠰ ᠤᠨ ᠳᠤᠳᠤᠭᠠᠲᠤ ᠳᠤ ᠴᠤ ᠠᠩᠬ᠎ᠠ ᠤᠳᠠᠭ᠎ᠠ ᠵᠣᠬᠢᠶᠠᠨ ᠪᠠᠶᠢᠭᠤᠯᠬᠤ ᠪᠡᠷ ᠪᠠᠶᠢᠭ᠎ᠠ ᠲᠤᠮᠤᠬᠠᠨ ᠪᠦᠬᠡ ᠶᠢᠨ ᠲᠡᠮᠡᠴᠡᠭᠡᠨ ᠪᠤᠯᠬᠤ ᠶᠤᠮ᠃ ᠬᠠᠮᠳᠤᠷᠠᠭᠰᠠᠨ ᠲᠡᠮᠡᠴᠡᠭᠡᠨ ᠢ ᠮᠣᠩᠭᠣᠯ ᠦᠨᠳᠤᠰᠤᠲᠠᠨ ᠤ ᠪᠦᠬᠡ᠂ ᠳᠤᠮᠳᠠᠳᠤ ᠮᠠᠶ᠊ᠢᠭ ᠤᠨ ᠪᠦᠬᠡ᠂ ᠶᠠᠫᠦᠨ ᠤ ᠵᠢᠥᠳᠤᠤ᠂ ᠤᠷᠤᠰ ᠤᠨ ᠬᠤᠯᠪᠤᠭᠠᠨ ᠤ ᠲᠠᠪᠤᠨ ᠤᠯᠤᠰ ᠤᠨ ᠪᠦᠬᠡ᠂ ᠺᠣᠷᠢᠶᠠ ᠶᠢᠨ ᠪᠦᠬᠡ᠂ ᠺᠠᠽᠠᠭᠰᠲ᠋ᠠᠨ ᠤ ᠪᠦᠬᠡ᠂ ᠦᠽᠪᠧᠺᠢᠰᠲ᠋ᠠᠨ ᠤ ᠪᠦᠬᠡ ᠶᠢᠨ ᠪᠠᠭ ᠵᠡᠷᠭᠡ ᠣᠯᠠᠨ ᠤᠯᠤᠰ ᠤᠨ ᠪᠦᠬᠡᠴᠢᠳ ᠬᠠᠮᠲᠤ ᠪᠡᠷ ᠰᠠᠨᠠᠭᠠᠴᠢᠯᠠᠵᠡᠢ᠃ ᠲᠤᠰ ᠲᠡᠮᠡᠴᠡᠭᠡᠨ ᠨᠢ 10 ᠰᠠᠷ᠎ᠠ ᠶᠢᠨ 29 ᠤ ᠡᠳᠦᠷ ᠡᠴᠡ 30 ᠤ ᠡᠳᠦᠷ ᠪᠣᠯᠲᠠᠯ᠎ᠠ ᠶᠠᠪᠤᠭᠳᠠᠨ᠎ᠠ᠃

ᠢᠷᠡᠯᠳᠡ᠄ ᠤᠮᠠᠷᠠᠲᠤ ᠶᠢᠨ ᠰᠢᠨ᠎ᠠ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
  • ᠪᠠᠷ ᠵᠢᠷᠤᠭ  ᠶᠢᠡᠷ ᠶᠢᠡᠨ ᠪᠠᠬᠠᠷᠬᠠᠵᠤ ᠶᠠᠪᠤᠭ᠎ᠠ ᠥᠲᠡᠭᠦᠰ
  • ᠬᠠᠰᠠᠷ ᠬᠢᠭᠡᠳ ᠬᠤᠷᠴᠢᠨ ᠤ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠪᠤᠯᠪᠠ
关闭
010070230030000000000000011100001119599255