微信打开
蒙古文网站Logo
ᠰᠢᠨᠬᠤᠸᠠ ᠮᠤᠩᠭ᠋ᠤᠯ ᠨᠧᠲ

ᠬᠦᠭ᠍ᠵ᠍ᠢᠯ ᠤᠨ ᠪᠡᠷᠭᠡᠰᠢᠶᠠᠯ ᠲᠠᠢ ᠲᠠᠮᠢᠷᠴᠢᠳ ᠤᠨ ᠤᠯᠢᠮᠫᠢᠺ ᠲᠤ ᠤᠷᠤᠯᠴᠠᠭᠰᠠᠨ ᠥᠪᠦᠷ ᠮᠣᠩᠭᠣᠯ ᠤᠨ ᠭᠤᠷᠪᠠᠨ ᠲᠠᠮᠢᠷᠴᠢᠨ ᠲᠠᠪᠤᠨ ᠰᠠᠷ᠎ᠠ ᠶᠢᠨ ᠨᠢᠬᠡᠨ ᠤ ᠬᠦᠳᠡᠯᠮᠦᠷᠢ ᠶᠢᠨ  ᠮᠧᠳᠠᠯ ᠬᠦᠷᠲᠡᠪᠡ

2016-09-28 11:11

    ᠰᠣᠷᠪᠤᠯᠵᠢᠯᠠᠭᠴᠢ 9 ᠰᠠᠷ᠎ᠠ ᠶᠢᠨ27 ᠤ ᠡᠳᠦᠷ ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠤ ᠠᠵᠢᠯᠲᠠᠨ ᠪ ᠶᠠᠷᠦᠩᠬᠡᠢ ᠵᠦᠪᠯᠡᠯ  ᠡᠴᠡ ᠤᠶᠢᠯᠠᠭᠠᠭᠰᠠᠨ ᠢᠶᠡᠷ᠂ ᠥᠪᠦᠷ ᠮᠣᠩᠭᠣᠯ ᠤᠨ ᠲᠠᠮᠢᠷᠴᠢᠳ  ᠷᠢᠦ᠋ ᠳ᠋ᠢ ᠿᠧᠨ᠋᠋ᠧᠶᠢᠷᠦ᠋ ᠶᠢᠨ ᠬᠦᠭ᠍ᠵ᠍ᠢᠯ ᠤᠨ ᠪᠡᠷᠭᠡᠰᠢᠶᠠᠯ ᠲᠠᠢ ᠲᠠᠮᠢᠷᠴᠢᠳ ᠤᠨ ᠤᠯᠢᠮᠫᠢᠺ  ᠲᠤ ᠰᠢᠯᠢᠳᠡᠭ ᠬᠢᠷᠢ ᠪᠦᠲᠦᠮᠵᠢ ᠤᠯᠤᠭᠰᠠᠨ ᠢ ᠰᠠᠶᠢᠰᠢᠶᠠᠬᠤ ᠶᠢᠨ ᠲᠤᠰᠠᠲᠠ ᠂ ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠤ ᠠᠵᠢᠯᠲᠠᠨ ᠪ ᠶᠠᠷᠦᠩᠬᠡᠢ ᠵᠦᠪᠯᠡᠯ ᠡᠴᠡ  ᠡᠮᠡᠭᠲᠠᠢ ᠶᠢᠨ 79 ᠺᠢᠯᠤᠭ᠍ᠷᠠᠮ ᠤᠨ ᠬᠦᠨᠳᠦ ᠶᠢᠨ ᠵᠢᠩ ᠤᠨ ᠲᠤᠶᠢᠪᠠᠩ ᠡᠷᠭᠦᠭᠦ ᠲᠡᠮᠡᠴᠡᠭᠡᠨ ᠳᠤ ᠮᠦᠩᠭᠦᠨ ᠮᠧᠳᠠᠯ ᠭᠠᠷᠳᠠᠭᠰᠠᠨ ᠥᠪᠦᠷ ᠮᠣᠩᠭᠣᠯ ᠤᠨ ᠤᠯᠠᠭᠠᠨᠬᠠᠳᠠ ᠬᠤᠳᠠ ᠪᠡᠷ ᠨᠤᠲᠤᠭ ᠲᠠᠢ ᠰᠢᠥᠢ ᠯᠢ ᠯᠢ ᠂ ᠡᠮᠡᠭᠲᠠᠢ ᠶᠢᠨ 61 ᠺᠢᠯᠤᠭ᠍ᠷᠠᠮ ᠤᠨ ᠬᠦᠨᠳᠦ ᠶᠢᠨ ᠵᠢᠩ ᠤᠨ ᠲᠤᠶᠢᠪᠠᠩ ᠡᠷᠭᠦᠭᠦ ᠲᠡᠮᠡᠴᠡᠭᠡᠨ ᠳᠤ ᠬᠦᠷᠡᠯ ᠮᠧᠳᠠᠯ ᠭᠠᠷᠳᠠᠭᠰᠠᠨ ᠤᠯᠠᠭᠠᠨᠬᠠᠳᠠ ᠬᠤᠳᠠ ᠪᠡᠷ ᠨᠤᠲᠤᠭ ᠲᠠᠢ ᠶᠠᠩ ᠶᠠᠨ ᠪᠣᠯᠤᠨ ᠡᠷᠡᠭᠲᠠᠢ ᠶᠢᠨ ᠵᠢᠳᠠ ᠰᠢᠳᠡᠬᠦ ᠲᠡᠮᠡᠴᠡᠭᠡᠨ ᠳᠤ ᠬᠦᠷᠡᠯ ᠮᠧᠳᠠᠯ ᠭᠠᠷᠳᠠᠭᠰᠠᠨ ᠬᠢᠩᠭ᠋᠋ᠠᠨ ᠠᠶᠢᠮᠠᠭ ᠢᠶᠡᠷ ᠨᠤᠲᠤᠭ ᠲᠠᠢ ᠰᠦᠨ ᠫᠧᠩ ᠰᠢᠶᠠᠩ ᠳᠤ ᠥᠪᠡᠷᠲᠡᠭᠡᠨ ᠵᠠᠰᠠᠬᠤ ᠤᠷᠤᠨ ᠤ ᠲᠠᠪᠤᠨ ᠰᠠᠷ᠎ᠠ ᠶᠢᠨ ᠨᠢᠭᠡᠨ ᠤ ᠬᠦᠳᠡᠯᠮᠦᠷᠢ ᠶᠢᠨ ᠮᠧᠳᠠᠯ ᠤᠯᠭᠤᠪᠠ᠃

ᠢᠷᠡᠯᠳᠡ᠄ ᠥᠪᠦᠷ ᠮᠣᠩᠭᠣᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
关闭
010070230030000000000000011100001119639169