微信打开
蒙古文网站Logo
ᠰᠢᠨᠬᠤᠸᠠ ᠮᠤᠩᠭ᠋ᠤᠯ ᠨᠧᠲ

512 ᠪᠦᠬᠡ ᠶᠢᠨ ᠲᠡᠮᠡᠴᠡᠬᠡᠨ ᠳᠠᠷᠬᠠᠨ ᠮᠤᠤᠮᠢᠩᠭ᠋ᠠᠨ ᠬᠣᠯᠪᠤᠭᠠᠲᠤ ᠬᠤᠰᠢᠭᠤᠨ ᠳᠤ ᠶᠠᠪᠤᠭᠳᠠᠬᠤ ᠪᠡᠷ ᠪᠠᠶᠢᠨ᠎ᠠ

2016-09-30 16:53

    ᠰᠢᠨᠬᠣᠧᠠ ᠨᠧᠲ  ᠬᠦᠬᠡᠬᠣᠲᠠ ᠶᠢᠨ 9 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ 10 ᠰᠠᠷ᠎ᠠ ᠶᠢᠨ 5 ᠤ ᠡᠳᠦᠷ᠂ ᠳᠦᠷᠪᠡᠳᠤᠭᠡᠷ ᠬᠤᠭᠤᠴᠠᠭᠠᠨ ᠤ ᠳᠤᠮᠳᠠᠳᠤ ᠤᠯᠤᠰ ᠤᠨ ᠨᠡᠭᠦᠳᠡᠯ ᠮᠠᠯᠵᠢᠯ ᠰᠤᠶᠤᠯ ᠵᠢᠭᠤᠯᠴᠢᠯᠠᠯ ᠤᠨ ᠨᠠᠶᠢᠷ ᠤᠨ 512 ᠪᠦᠬᠡ ᠶᠢᠨ ᠲᠡᠮᠡᠴᠡᠬᠡᠨ ᠪᠤᠭᠤᠲᠤ ᠬᠣᠲᠠ ᠶᠢᠨ ᠳᠠᠷᠬᠠᠨ ᠮᠤᠤᠮᠢᠩᠭ᠋ᠠᠨ ᠬᠣᠯᠪᠤᠭᠠᠲᠤ ᠬᠤᠰᠢᠭᠤᠨ ᠳᠤ ᠶᠠᠪᠤᠭᠳᠠᠨ᠎ᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠲᠡᠮᠡᠴᠡᠭᠡᠨ ᠳᠤ ᠥᠪᠦᠷ ᠮᠣᠩᠭᠣᠯ ᠤᠨ ᠡᠯ᠎ᠠ ᠠᠶᠢᠮᠠᠭ ᠬᠣᠲᠠ ᠶᠢᠨ ᠰᠢᠯᠢᠳᠡᠭ ᠪᠦᠬᠡᠴᠢᠳ ᠤᠷᠤᠯᠴᠠᠬᠤ ᠪᠡᠷ ᠪᠠᠷᠠᠬᠤ ᠦᠬᠡᠢ ᠮᠣᠩᠭᠣᠯ ᠤᠯᠤᠰ ᠤᠨ ᠰᠠᠢᠢᠨ ᠪᠦᠬᠡᠴᠢᠳ ᠴᠤ ᠤᠷᠤᠯᠴᠠᠨ᠎ᠠ᠃ ᠲᠡᠮᠡᠴᠡᠭᠡᠨ ᠳᠤ ᠤᠷᠤᠯᠴᠠᠬᠤ ᠪᠦᠬᠡᠴᠢᠨ 10 ᠰᠠᠷ᠎ᠠ ᠶᠢᠨ 3 ᠤ ᠡᠳᠦᠷ ᠡᠴᠡ ᠡᠮᠦᠨ᠎ᠠ ᠨᠠᠷ᠎ᠠ ᠮᠡᠳᠡᠭᠦᠯᠦᠨ᠎ᠠ᠂ ᠨᠡᠷ᠎ᠠ ᠮᠡᠳᠠᠭᠦᠯᠦᠭᠰᠡᠨ ᠬᠦᠰᠦᠨᠦᠩᠲᠤ᠂ ᠪᠡᠶ᠎ᠠ ᠶᠢᠨ ᠦᠨᠡᠮᠯᠡᠯ ᠤᠨ ᠵᠢᠷᠤᠭ ᠂ ᠰᠡᠬᠦᠯ ᠤᠨ ᠬᠣᠶᠠᠷ ᠵᠢᠯ ᠤᠨ ᠬᠠᠮᠤᠭ ᠤᠨ ᠰᠢᠯᠢᠳᠠᠭ᠌ ᠬᠢᠷᠢ ᠪᠦᠲᠦᠮᠵᠢ ᠶᠢᠨ ᠬᠡᠷᠡᠴᠢᠯᠡᠭᠡ( ᠱᠠᠩᠨᠠᠯ  ᠬᠦᠷᠳᠡᠭᠰᠡᠨ ᠬᠡᠷᠡᠴᠢᠯᠡᠭᠡ) ᠶᠢᠨ ᠵᠢᠷᠤᠭ   ᠢᠶᠡᠨ ᠲᠤᠬᠳᠠᠭᠰᠠᠨ ᠰᠢᠤᠳᠠᠨ ᠤ ᠬᠠᠶᠢᠷᠴᠠᠭ(43315926@qq.com) ᠳᠤ ᠢᠯᠡᠭᠡᠵᠤ ᠨᠠᠷ᠎ᠠ ᠮᠡᠳᠡᠭᠦᠯᠦᠯᠲᠠ ᠨᠤᠲᠠᠯᠠᠭᠳᠠᠪᠠᠯ ᠰᠠᠶ᠊ᠢ ᠤᠷᠤᠯᠳᠤᠭᠠᠨ ᠳ᠋ᠦ ᠤᠷᠤᠯᠴᠠᠵᠦ ᠪᠤᠯᠤᠨ᠎ᠠ᠃ ᠲᠡᠮᠡᠴᠡᠬᠡᠨ   ᠨᠢ 10 ᠰᠠᠷ᠎ᠠ ᠶᠢᠨ 5 ᠤ ᠡᠳᠦᠷ ᠡᠴᠡ 7 ᠤ ᠡᠳᠦᠷ ᠪᠣᠯᠳᠠᠯ᠎ᠠ ᠶᠠᠪᠤᠭᠳᠠᠨ᠎ᠠ᠃

ᠢᠷᠡᠯᠳᠡ᠄ ᠰᠢᠨᠬᠣᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
关闭
010070230030000000000000011100001119655712