微信打开
蒙古文网站Logo
ᠰᠢᠨᠬᠤᠸᠠ ᠮᠤᠩᠭ᠋ᠤᠯ ᠨᠧᠲ

ᠠᠩᠬᠠᠲᠤᠭᠠᠷ ᠬᠤᠭᠤᠴᠠᠭᠠᠨ ᠤ ᠲᠦᠩ᠋ᠯᠢᠶᠤᠤ•ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠢᠢᠷ ᠡᠬᠢᠯᠡᠯ᠎ᠡ

2016-10-05 19:00

    ᠰᠢᠨᠬᠤᠸᠠ ᠮᠤᠩᠭᠤᠯ ᠨᠧᠲ ᠲᠦᠩ᠋ᠯᠢᠶᠤᠤ ᠶᠢᠨ 10 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ (ᠬ •ᠦᠵᠡᠰᠭᠦᠯᠡᠩ) 2016 ᠠᠩᠬᠠᠲᠤᠭᠠᠷ ᠬᠤᠭᠤᠴᠠᠭᠠᠨ ᠤ ᠲᠦᠩᠯᠢᠶᠤᠤ• ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠢᠢᠷ 10 ᠰᠠᠷ᠎ᠠ ᠶᠢᠨ 5 ᠤ ᠡᠳᠦᠷ ᠤᠨ ᠦᠲᠡ ᠶᠢᠨ ᠡᠮᠦᠨ᠎ᠡ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠴᠢᠨ ᠵᠡᠬᠦᠨ ᠭᠠᠷᠤᠨ ᠬᠤᠢᠢᠲᠤ ᠬᠤᠰᠢᠭᠤᠨ ᠤ ᠤᠲᠠᠨᠲᠠᠯ᠎ᠠ ᠤᠢ ᠰᠢᠭᠤᠢ ᠶᠢᠨ ᠲᠠᠯᠠᠪᠠᠢ ᠳ᠋ᠤ ᠦᠪᠡᠲᠡᠭ᠍ᠰᠢ ᠨᠡᠬᠡᠬᠡᠯᠲᠡ ᠪᠡᠨ ᠬᠢᠯ᠎ᠡ᠃

    ᠲᠤᠰ ᠤᠳᠠᠭᠠᠨ ᠤ ᠨᠠᠶᠢᠷ ᠨᠢ ᠤᠪᠤᠭᠠᠨ ᠲᠠᠬᠢᠯᠭ᠎ᠠ᠂ ᠤᠯᠠᠭᠠᠨᠮᠦ᠋ᠴᠢᠷ ᠤᠨ ᠤᠷᠠᠨ ᠰᠠᠢᠢᠬᠠᠨ ᠤ ᠲᠤᠭᠯᠠᠯᠲᠠ᠂ ᠮᠤᠩᠭᠤᠯ ᠬᠤᠪᠴᠠᠰᠤ ᠵᠠᠰᠠᠯ ᠤᠨ ᠦᠵᠡᠬᠦᠯᠦᠯᠭᠡ᠂ ᠬᠤᠷᠴᠢᠨ ᠨᠤᠲᠤᠭ ᠤᠨ ᠤᠨᠴᠠᠯᠢᠭ ᠪᠦᠬᠦᠢ ᠬᠤᠸᠠᠷ ᠬᠠᠳᠬᠤᠮᠠᠯ ᠵᠡᠷᠭᠡ ᠪᠡᠶᠡᠲᠦ ᠪᠤᠰᠤ ᠰᠤᠶᠤᠯ ᠤᠨ ᠦᠪ ᠢ ᠲᠡᠯᠭᠡᠭ᠍ᠰᠡᠨ ᠶᠢᠡᠷ ᠶᠢᠡᠨ ᠤᠨᠴᠠᠯᠠᠭᠲᠠᠨ᠎ᠠ᠃

    ᠬᠤᠷᠴᠢᠨ ᠵᠡᠬᠦᠨ ᠭᠠᠷᠤᠨ ᠬᠤᠢᠢᠲᠤ ᠬᠤᠰᠢᠭᠤᠨ ᠤ ᠨᠠᠮ ᠤᠨ ᠬᠤᠷᠢᠶᠠᠨ ᠤ ᠪᠠᠢᠢᠩᠭᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠭᠤᠸᠠᠨ ᠬᠠᠢ ᠹᠧᠩ ᠰᠤᠷᠪᠤᠯᠵᠢᠯᠠᠭ᠎ᠠ ᠬᠦᠯᠢᠶᠠᠬᠦ ᠳ᠋ᠡᠭᠡᠨ᠄《ᠤᠲᠠᠨᠲᠠᠯ᠎ᠠ ᠳ᠋ᠤ ᠪᠠᠲᠤᠴᠠᠭᠠᠨ ᠮᠤᠲᠤ ᠤᠯᠠᠨ ᠪᠠᠢᠢᠲᠠᠭ᠂ ᠤᠯᠤᠰ ᠤᠨ ᠪᠠᠶᠠᠷ ᠤᠨ ᠠᠮᠠᠷᠠᠯᠲᠠ ᠶᠢ ᠲᠤᠬᠢᠶᠠᠯᠲᠤᠭᠤᠯᠤᠨ ᠲᠤᠰ ᠤᠲᠠᠭᠠᠨ ᠤ ᠠᠵᠢᠯᠯᠠᠭ᠎ᠠ ᠶᠢ ᠵᠤᠬᠢᠶᠠᠨ ᠪᠠᠢᠢᠭᠤᠯᠵᠤ ᠪᠠᠢᠢᠭ᠎ᠠ ᠨᠢ ᠪᠦᠰᠡ ᠨᠤᠲᠤᠭ ᠤᠨ  ᠢᠶᠡᠨ ᠡᠬᠢ ᠪᠠᠶᠠᠯᠢᠭ ᠤᠨ ᠲᠠᠪᠠᠭᠤᠯᠢᠭ  ᠪᠤᠶᠤ ᠤᠷᠤᠨ ᠪᠠᠢᠢᠷᠢ ᠶᠢᠨ ᠨᠦᠬᠦᠴᠡᠯ ᠶᠢᠡᠨ ᠠᠰᠢᠭᠯᠠᠨ᠂ ᠲᠦᠰᠦᠯ ᠤᠨ ᠪᠠᠢᠢᠭᠤᠯᠤᠯᠲᠠ᠂ ᠤᠬᠠᠭᠤᠯᠤᠨ ᠰᠤᠷᠲᠠᠯᠴᠢᠯᠠᠬᠤ᠂ ᠠᠶᠠᠯᠠᠯ ᠵᠢᠭᠤᠯᠴᠢᠯᠠᠯ ᠶᠢᠡᠷ ᠶᠠᠲᠠᠭᠤ ᠶᠢ ᠲᠡᠳᠬᠦᠬᠦ᠂ ᠠᠷᠠᠯᠵᠢᠶᠠᠴᠢᠨ ᠤᠷᠢᠵᠤ ᠬᠦᠷᠦᠩᠬᠡ ᠤᠷᠤᠭᠤᠯᠬᠤ ᠵᠡᠷᠭᠡ ᠠᠷᠭ᠎ᠠ ᠪᠡᠷ ᠰᠤᠶᠤᠯ ᠵᠢᠭᠤᠯᠴᠢᠯᠠᠯ ᠤᠨ ᠠᠵᠤ ᠦᠢᠯᠡᠰ ᠢ ᠬᠦᠭ᠍ᠵᠢᠬᠦᠯᠬᠦ᠂ ᠲᠡᠷᠡ ᠲᠤᠰᠤᠮ ᠶᠢᠡᠨ ᠬᠤᠰᠢᠭᠤ ᠨᠤᠲᠤᠭ  ᠤᠨ ᠢᠶᠡᠨ ᠡᠳ᠋ ᠤᠨ ᠵᠠᠰᠠᠭ ᠢ  ᠬᠦ᠍ᠭ᠍ᠵᠢᠬᠦᠯᠬᠦ ᠶᠢ ᠵᠤᠷᠢᠭᠰᠠᠨ ᠶᠤᠮ 》 ᠭᠡᠯ᠎ᠡ᠃

    ᠤᠲᠠᠨᠲᠠᠯ᠎ᠠ ᠤᠢ ᠰᠢᠭᠤᠢ ᠶᠢᠨ  ᠲᠠᠯᠠᠪᠠᠢ ᠨᠢ ᠬᠤᠷᠴᠢᠨ ᠵᠡᠬᠦᠨ ᠭᠠᠷᠤᠨ ᠬᠤᠢᠢᠲᠤ ᠬᠤᠰᠢᠭᠤᠨ ᠤ ᠲᠦᠪ ᠭᠠᠨᠵᠤᠭ᠎ᠠ ᠪᠠᠯᠭᠠᠰᠤᠨ ᠡᠴᠨ 55 ᠺᠢᠯᠤᠮᠧᠲ᠋ᠷ ᠵᠠᠢ ᠲᠠᠢ ᠃ ᠶᠡᠷᠦᠩᠬᠡᠢ ᠲᠠᠯᠠᠪᠠᠢ ᠨᠢ 35 ᠲᠦᠮᠡᠨ ᠮᠦ ᠪᠦᠬᠦᠢ 333 ᠲᠦᠷᠦᠯ ᠤᠨ ᠤᠷᠭᠤᠮᠠᠯ ᠳᠤ 50 – 500 ᠵᠢᠯ ᠤᠨ ᠪᠠᠲᠤᠴᠠᠭᠠᠨ ᠮᠤᠲᠤ ᠪᠡᠷ ᠭᠤᠤᠯᠯᠠᠬᠰᠠᠨ ᠢᠶᠡᠷ ᠢᠶᠡᠨ ᠤᠯᠠᠨ ᠤ ᠠᠩᠬᠠᠷᠦᠯ ᠢ ᠣᠨᠴᠠᠭᠠᠢ ᠲᠠᠲᠠᠨ᠎ᠠ᠃

    ᠤᠢᠢᠯᠠᠭᠠᠭᠰᠠᠨ  ᠶᠢᠡᠷ᠂ ᠠᠩᠬᠠᠲᠤᠭᠠᠷ ᠬᠤᠭᠤᠴᠠᠭᠠᠨ ᠤ ᠲᠦᠩ᠋ᠯᠢᠶᠤᠤ • ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠢᠢᠷ ᠭᠤᠷᠪᠠᠨ ᠡᠲᠦᠷ ᠤᠨ ᠬᠤᠭᠤᠴᠠᠭ᠎ᠠ ᠲᠠᠢ ᠵᠤᠬᠢᠶᠠᠨ ᠪᠠᠢᠢᠭᠤᠯᠤᠭᠲᠠᠨ᠎ᠠ᠃

ᠢᠷᠡᠯᠳᠡ᠄ ᠰᠢᠨᠬᠤᠸᠠ ᠮᠤᠩᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
关闭
010070230030000000000000011100001119666214