微信打开
蒙古文网站Logo
ᠰᠢᠨᠬᠤᠸᠠ ᠮᠤᠩᠭ᠋ᠤᠯ ᠨᠧᠲ

512 ᠪᠦᠬᠡ ᠶᠢᠨ ᠲᠡᠮᠡᠴᠡᠭᠡᠨ ᠳᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤᠨ ᠳᠤ ᠥᠪᠡᠳᠡᠭᠰᠢ ᠪᠣᠯᠪᠠ

2016-10-08 16:49

    10 ᠰᠠᠷ᠎ᠠ ᠶᠢᠨ 6 ᠤ ᠡᠳᠦᠷ᠂ ᠳᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤᠨ ᠤ ᠵᠠᠰᠠᠭ ᠤᠨ ᠤᠷᠳᠤᠨ ᠡᠴᠡ ᠰᠠᠨᠠᠭᠠᠴᠢᠯᠠᠭᠰᠠᠨ ᠳᠦᠷᠪᠡᠳᠦᠭᠡᠷ ᠬᠤᠭᠤᠴᠭᠠᠠᠨ ᠤ ᠳᠤᠮᠳᠠᠳᠤ ᠤᠯᠤᠰ ᠤᠨ ᠨᠡᠭᠦᠳᠡᠯ ᠮᠠᠯᠵᠢᠯ ᠰᠤᠶᠤᠯ ᠵᠢᠭᠤᠯᠴᠢᠯᠠᠯ ᠤᠨ ᠨᠠᠶᠢᠷ ᠤᠨ 512 ᠪᠦᠬᠡ ᠶᠢᠨ ᠲᠡᠮᠡᠴᠡᠭᠡᠨ ᠲᠤᠰ ᠬᠤᠰᠢᠭᠤᠨ ᠤ ᠨᠠᠶᠢᠷ ᠤᠨ ᠲᠠᠯᠠᠪᠤᠷ ᠲᠤ ᠥᠪᠡᠳᠡᠭᠰᠢ ᠪᠣᠯᠪᠠ᠃ ᠡᠨᠡ ᠨᠢ ᠳᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤᠨ ᠤ ᠵᠣᠬᠢᠶᠠᠨ ᠪᠠᠶᠢᠭᠤᠯᠤᠭᠰᠠᠨ ᠠᠩᠬᠠᠳᠤᠭᠠᠷ ᠤᠳᠠᠭᠠᠨ ᠤ 512 ᠪᠦᠬᠡ ᠶᠢᠨ ᠲᠡᠮᠡᠴᠡᠭᠡᠨ ᠪᠤᠯᠤᠨ᠎ᠠ᠃

    ᠲᠤᠰ ᠤᠳᠠᠭᠠᠨ ᠤ ᠲᠡᠮᠡᠴᠡᠭᠡᠨ ᠳᠤ ᠥᠪᠦᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠤ ᠡᠯ᠎ᠠ ᠬᠤᠰᠢᠭᠤ ᠰᠢᠶᠠᠨ ᠪᠣᠯᠤᠨ ᠮᠣᠩᠭᠣᠯ ᠤᠯᠤᠰ᠂ ᠤᠷᠤᠰ ᠤᠨ ᠬᠤᠯᠪᠤᠭᠠᠨ ᠤ ᠲᠦᠧᠠ ᠥᠪᠡᠷᠲᠡᠭᠡᠨ ᠵᠠᠰᠠᠬᠤ ᠪᠦᠭᠦᠳᠡ ᠨᠠᠶᠢᠷᠠᠮᠳᠠᠬᠤ ᠤᠯᠤᠰ᠂ ᠤᠷᠤᠰ ᠤᠨ ᠬᠤᠯᠪᠤᠭᠠᠨ ᠤ ᠪᠣᠷᠢᠶᠠᠳ ᠥᠪᠡᠷᠲᠡᠭᠡᠨ ᠵᠠᠰᠠᠬᠤ ᠪᠦᠭᠦᠳᠡ ᠨᠠᠶᠢᠷᠠᠮᠳᠠᠬᠤ ᠤᠯᠤᠰ ᠤᠨ ᠠᠷᠪᠠᠭᠠᠳ ᠲᠦᠯᠦᠭᠡᠯᠡᠭᠴᠢ ᠶᠢᠨ ᠪᠠᠭ ᠤᠷᠤᠯᠴᠠᠵᠤ᠂ ᠵᠡᠭᠦᠨ ᠦᠵᠡᠮᠦᠴᠢᠨ ᠬᠤᠰᠢᠭᠤᠨ ᠤ ᠪᠠᠶᠠᠷᠪᠠᠭᠠᠲᠤᠷ᠂ ᠪᠠᠷᠠᠭᠤᠨ ᠦᠵᠡᠮᠦᠴᠢᠨ ᠬᠣᠰᠢᠭᠤᠨ ᠤ ᠵᠠᠭᠠᠨᠵᠠᠭᠠᠨ᠎ᠠ᠂ ᠪᠠᠭᠠᠷᠢᠨ ᠪᠠᠷᠠᠭᠤᠨ ᠬᠤᠰᠢᠭᠤᠨ ᠤ ᠭᠡᠭᠡᠷᠡᠬᠦ ᠵᠡᠷᠭᠡ ᠥᠪᠦᠷ ᠮᠣᠩᠭᠣᠯ ᠤᠨ ᠨᠠᠷᠡᠲᠤ ᠪᠦᠬᠡᠴᠢᠳ ᠪᠣᠯᠤᠨ ᠦᠰᠬᠦᠪᠠᠶᠠᠷ ᠵᠡᠷᠭᠡ ᠮᠣᠩᠭ᠋ᠤᠯ ᠤᠯᠤᠰ ᠤᠨ ᠰᠢᠯᠢᠳᠡᠭ ᠪᠦᠬᠡᠴᠢᠳ ᠲᠡᠮᠡᠴᠡᠯᠳᠦᠪᠡ᠃

ᠢᠷᠡᠯᠳᠡ᠄ ᠥᠪᠦᠷ ᠮᠣᠩᠭ᠋ᠤᠯ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
关闭
010070230030000000000000011100001119675391