微信打开
蒙古文网站Logo
ᠰᠢᠨᠬᠤᠸᠠ ᠮᠤᠩᠭ᠋ᠤᠯ ᠨᠧᠲ

ᠯᠢᠫᠫᠢ ᠳᠤᠮᠳᠠᠳᠤ ᠤᠯᠤᠰ ᠤᠨ ᠡᠷᠡᠭᠳᠡᠢ ᠶᠢᠨ ᠬᠦᠯ ᠪᠦᠮᠪᠦᠬᠡ ᠶᠢᠨ ᠤᠯᠤᠰ ᠤᠨ ᠪᠠᠭ ᠤᠨ ᠳᠠᠰᠬᠠᠯᠵᠢᠭᠤᠯᠤᠭᠴᠢ ᠪᠤᠯᠪᠠ

2016-10-23 10:13

    ᠰᠢᠨᠬᠤᠧᠠ ᠬᠤᠷᠢᠶ᠎ᠠ   ᠪᠡᠬᠡᠵᠢᠩ ᠤᠨ 10 ᠰᠠᠷ᠎ ᠶᠢᠨ 22 ᠤᠨ ᠡᠳᠦᠷ ᠤᠨ ᠳᠠᠮᠢᠷ ᠤᠨ ᠳᠤᠰᠬᠠᠢ ᠴᠠᠬᠢᠯᠭᠠᠨ ᠮᠡᠳᠡᠬᠡ (ᠰᠤᠷᠪᠤᠯᠵᠢᠯᠠᠭᠴᠢ ᠭᠦᠩ ᠪᠢᠩ᠂ ᠸᠠᠩ ᠬᠤᠤ ᠮᠢᠩ᠂ ᠸᠠᠩ ᠬᠤᠤ ᠢᠤᠢ) ᠳᠤᠮᠳᠠᠳᠤ ᠤᠯᠤᠰ ᠤᠨ ᠬᠦᠯ ᠪᠦᠮᠪᠦᠬᠡ ᠶᠢᠨ ᠨᠡᠶᠢᠬᠡᠮᠯᠢᠭ ᠤᠨ ᠠᠯᠪᠠᠨ ᠤ ᠨᠧᠲ 22 ᠤᠨ ᠡᠳᠦᠷ᠂ ᠢᠲ᠋ᠠᠯᠢ ᠶᠢᠨ ᠨᠡᠷᠡᠳᠦ ᠳᠠᠰᠬᠠᠯᠵᠢᠭᠤᠯᠤᠭᠴᠢ ᠯᠢᠫᠫᠢ ᠳᠤᠮᠳᠠᠳᠤ ᠤᠯᠤᠰ ᠤᠨ ᠡᠷᠡᠭᠳᠡᠢ ᠶᠢᠨ ᠬᠦᠯ ᠪᠦᠮᠪᠦᠬᠡ ᠶᠢᠨ ᠤᠯᠤᠰ ᠤᠨ ᠪᠠᠭ ᠤᠨ ᠭᠤᠤᠯ ᠳᠠᠰᠬᠠᠯᠵᠢᠭᠤᠯᠤᠭᠴᠢ ᠪᠤᠯᠤᠭᠰᠠᠨ ᠢ ᠵᠠᠷᠯᠠᠪᠠ᠃

    ᠳᠤᠮᠳᠠᠳᠤ ᠤᠯᠤᠰ ᠤᠨ ᠬᠦᠯ ᠪᠦᠮᠪᠦᠬᠡ ᠶᠢᠨ ᠨᠡᠶᠢᠬᠡᠮᠯᠢᠭ ᠤᠨ ᠬᠢᠨ ᠢᠯᠡᠷᠬᠡᠶᠢᠯᠡᠬᠦ ᠳᠤ ᠪᠡᠨ᠂ ᠤᠯᠤᠰ ᠤᠨ ᠪᠠᠭ ᠤᠨ ᠳᠠᠰᠬᠠᠯᠵᠢᠭᠤᠯᠤᠭᠴᠢ ᠶᠢ ᠰᠤᠩᠭᠤᠨ ᠡᠯᠰᠡᠬᠦ ᠠᠯᠬᠤᠮ ᠳᠠᠷᠠᠭᠠᠯᠠᠯ ᠢᠶᠡᠷ ᠬᠤᠶᠠᠷ ᠳᠠᠯ᠎ᠠ ᠪᠡᠷ ᠢᠶᠡᠨ ᠳᠤᠬᠢᠷᠠᠯᠴᠠᠭᠰᠠᠨ ᠤ ᠳ᠋ᠦᠩ ᠳᠤ᠂ 10 ᠰᠠᠷ᠎ᠠ ᠶᠢᠨ 22 ᠤᠨ ᠡᠳᠦᠷ ᠡᠴᠡ ᠡᠬᠢᠯᠡᠨ ᠯᠢᠫᠫᠢ ᠶᠢ ᠳᠤᠮᠳᠠᠳᠤ ᠤᠯᠤᠰ ᠤᠨ ᠡᠷᠡᠭᠳᠡᠢ ᠶᠢᠨ ᠬᠦᠯ ᠪᠦᠮᠪᠦᠬᠡ ᠶᠢᠠᠨ ᠤᠯᠤᠰ ᠤᠨ ᠪᠠᠭ ᠤᠨ ᠳᠠᠰᠬᠠᠯᠵᠢᠭᠤᠯᠤᠭᠴᠢ ᠪᠡᠷ ᠵᠢᠩᠬᠢᠨᠢ ᠪᠡᠷ ᠡᠯᠰᠡᠵᠤ ᠠᠵᠢᠯᠯᠠᠭᠤᠯᠬᠤ ᠪᠡᠷ ᠪᠤᠯᠤᠭᠰᠠᠨ᠂ 10 ᠰᠠᠷ᠎ᠠ ᠶᠢᠨ 28 ᠤ ᠡᠳᠦᠷ ᠪᠡᠬᠡᠵᠢᠩ ᠳᠤ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠭᠤᠯᠤᠨ᠎ᠠ ᠬᠡᠵᠡᠢ᠃ ᠡᠬᠦᠨ ᠡᠴᠡ ᠡᠮᠦᠨᠡᠬᠡᠨ᠂ ᠭᠤᠧᠠᠩᠵᠧᠤ ᠶᠢᠨ ᠡᠾᠧᠩ ᠳ᠋ᠠ ᠺᠯᠦ᠋ᠪ ᠨᠢ 8 ᠰᠠᠷ᠎ᠠ ᠶᠢᠨ 3 ᠤ ᠡᠳᠦᠷ ᠯᠢᠫᠫᠢ ᠲᠠᠢ ᠪᠠᠶᠢᠭᠤᠯᠤᠭᠰᠠᠨ ᠳᠠᠰᠬᠠᠯᠵᠢᠭᠤᠯᠤᠭᠴᠢ ᠶᠢᠨ ᠬᠡᠷ᠎ᠡ ᠪᠡᠨ ᠴᠤᠴᠠᠯᠠᠭᠰᠠᠨ ᠪᠠᠶᠢᠨ᠎ᠠ᠃

    ᠯᠢᠫᠫᠢ ᠨᠢ 1982 ᠤᠨ ᠳᠤ ᠳᠠᠰᠬᠠᠯᠵᠢᠭᠤᠯᠤᠭᠴᠢ ᠪᠤᠯᠤᠭᠰᠠᠨ ᠡᠴᠡ ᠨᠠᠭᠠᠰᠢ ᠪᠠᠭ ᠢᠶᠡᠨ ᠳᠠᠭᠠᠭᠤᠯᠤᠨ ᠢᠲ᠋ᠠᠯᠢ ᠶᠢᠨ ᠠᠪᠤᠷᠭᠤ ᠶᠢᠨ ᠳᠡᠮᠡᠴᠡᠬᠡᠨ ᠳᠤ 5 ᠤᠳᠠᠭ᠎ᠠ ᠳᠡᠷᠢᠬᠦᠯᠡᠵᠤ᠂ 2006 ᠤᠨ ᠳᠤ ᠢᠲ᠋ᠠᠯᠢ ᠶᠢᠨ ᠤᠯᠤᠰ ᠤᠨ ᠪᠠᠭ ᠢ ᠳᠠᠭᠠᠭᠤᠯᠤᠨ ᠳᠡᠯᠡᠬᠡᠢ ᠶᠢᠨ ᠴᠤᠮᠤ ᠶᠢᠨ ᠡᠵᠡᠨ ᠪᠤᠯᠵᠤ ᠦᠩᠬᠡᠷᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119769708