蒙古文网站Logo
ᠰᠢᠨᠬᠤᠸᠠ ᠮᠤᠩᠭ᠋ᠤᠯ ᠨᠧᠲ

ᠹᠷᠠᠨᠼᠢ ᠶᠢᠨ ᠵᠠᠭᠤ ᠨᠠᠰᠤᠯᠠᠭᠰᠠᠨ ᠨᠠᠰᠤᠲᠠᠨ ᠳᠤᠭᠤᠢ ᠤᠨᠤᠬᠤ ᠲᠡᠯᠡᠬᠡᠢ ᠶᠢᠨ ᠲᠡᠮᠳᠡᠭᠯᠡᠯ ᠢ ᠲᠠᠬᠢᠨᠲᠠ ᠰᠢᠨᠡᠳᠭᠡᠪᠡ

2017-01-06 11:19

    ᠰᠢᠨᠬᠣᠧᠠ ᠬᠤᠷᠢᠶ᠎ᠠ ᠫᠠᠷᠢᠰ ᠤᠨ 1 ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠶᠢᠩ ᠴᠢᠶᠠᠩ) ᠹᠷᠠᠨᠼᠢ ᠶᠢᠨ 105 ᠨᠠᠰᠤᠲᠠᠢ ᠷᠥᠪᠧᠷᠲ ᠮᠠᠷᠺᠠᠨ᠋ᠳ᠋ ᠨᠠᠰᠤᠲᠠᠨ 1 ᠰᠠᠷ᠎ᠠ ᠶᠢᠨ 4 ᠤ ᠡᠳᠦᠷ ᠳᠡᠬᠢᠨᠲᠠ ᠭᠠᠶᠢᠬᠠᠮᠰᠢᠭ ᠡᠭᠦᠳᠪᠡ᠃ ᠥᠷᠦᠬᠡᠨ ᠤ ᠳᠤᠭᠤᠢ ᠲᠡᠷᠭᠡ ᠶᠢᠨ ᠤᠷᠳᠤᠨ ᠳᠤ ᠮᠠᠷᠺᠠᠨ᠋ᠳ᠋ ᠨᠠᠰᠤᠲᠠᠨ 1 ᠴᠠᠭ ᠤᠨ ᠳᠤᠲᠤᠷ᠎ᠠ ᠲᠤᠭᠤᠢ ᠪᠡᠷ 22.547 ᠺᠢᠯᠤᠮᠧᠲ᠋ᠷ ᠠᠶᠠᠯᠠᠵᠤ᠂ ᠤᠯᠠᠨ ᠤᠯᠤᠰ ᠤᠨ ᠳᠤᠭᠤᠢ ᠲᠡᠷᠬᠡ ᠶᠢᠨ ᠬᠤᠯᠪᠤᠭ᠎ᠠ ᠡᠴᠡ ᠲᠡᠭᠦᠨ ᠳᠤ ᠲᠤᠰᠬᠠᠢ ᠵᠣᠷᠢᠭᠤᠯᠤᠨ ᠪᠠᠶᠢᠭᠤᠯᠤᠭᠰᠠᠨ ᠲᠡᠯᠡᠬᠡᠢ ᠶᠢᠨ ᠲᠡᠮᠳᠡᠭᠯᠡᠯ  ᠢ ᠳᠡᠬᠢᠨᠲᠠ ᠰᠢᠨᠡᠳᠭᠡᠪᠡ᠃

    ᠮᠠᠷᠺᠠᠨ᠋ᠳ᠋ ᠨᠠᠰᠤᠲᠠᠨ 1911 ᠤᠨ ᠤ 11 ᠰᠠᠷ᠎ᠠ ᠶᠢᠨ 26 ᠤ ᠡᠳᠦᠷ ᠹᠷᠠᠨᠼᠢ ᠶᠢᠨ ᠠᠮᠢᠶᠠᠨ ᠬᠤᠲᠠ ᠳᠤ ᠲᠦᠷᠦᠵᠤ᠂ ᠪᠠᠭ᠎ᠠ ᠡᠴᠡ ᠪᠠᠨ ᠳᠤᠭᠤᠢ ᠤᠨᠤᠬᠤ ᠪᠠᠬ᠎ᠠ ᠲᠠᠢ ᠪᠠᠶᠢᠵᠡᠢ᠃ ᠲᠡᠷᠡᠪᠡᠷ ᠵᠠᠯᠠᠭᠤ ᠳᠤ ᠪᠡᠨ ᠫᠠᠷᠢᠰ ᠤᠨ ᠭᠠᠯ ᠤᠨᠲᠠᠷᠠᠭᠠᠬᠤ ᠠᠩᠬᠢ ᠳᠤ ᠠᠵᠢᠯᠯᠠᠵᠤ ᠂ 67 ᠨᠠᠰᠤᠲᠠᠢ ᠡᠴᠡ ᠪᠡᠨ ᠡᠬᠢᠯᠡᠨ ᠳᠤᠭᠤᠢ ᠤᠨᠤᠬᠤ ᠪᠡᠶ᠎ᠠ ᠶᠢᠨ ᠲᠠᠮᠢᠷ ᠤᠨ ᠠᠵᠢᠯᠯᠠᠭ᠎ᠠ ᠳᠤ ᠤᠷᠤᠯᠴᠠᠵᠡᠢ᠃ (ᠵᠢᠷᠤᠭ ᠢ ᠨᠧᠲ ᠡᠴᠡ)

ᠢᠷᠡᠯᠳᠡ᠄ ᠰᠢᠨᠬᠣᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120257659