蒙古文网站Logo
ᠰᠢᠨᠬᠤᠸᠠ ᠮᠤᠩᠭ᠋ᠤᠯ ᠨᠧᠲ

34 ᠳ᠋ᠤᠭᠡᠷ ᠬᠤᠭᠤᠴᠠᠭᠠᠨ ᠤ ᠳᠡᠯᠡᠬᠡᠢ ᠶᠢᠨ ᠬᠠᠯᠢᠯᠲᠠ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ ᠨᠡᠬᠡᠬᠡᠯᠲᠠ ᠪᠡᠨ ᠬᠢᠪᠡ

2017-01-09 11:28

    2017 ᠤᠨ ᠤ 1 ᠰᠠᠷ᠎ᠠ ᠶᠢᠨ 8 ᠤ ᠡᠳᠦᠷ 34 ᠳ᠋ᠤᠭᠡᠷ ᠬᠤᠭᠤᠴᠠᠭᠠᠨ ᠤ ᠳᠡᠯᠡᠬᠡᠢ ᠶᠢᠨ ᠬᠠᠯᠢᠯᠲᠠ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ ᠠᠦ᠋ᠰᠲ᠋ᠷᠠᠯᠢᠶ᠎ᠠ ᠶᠢᠨ ᠸᠢᠺᠲ᠋ᠤᠷᠢᠶ᠎ᠠ ᠵᠧᠤ ᠶᠢᠨ ᠪᠧᠨᠠᠯᠠ ᠳᠤ ᠨᠡᠬᠡᠬᠡᠯᠲᠠ ᠪᠡᠨ ᠬᠢᠪᠡ᠃ ᠲᠤᠰ ᠤᠳᠠᠭᠠᠨ ᠤ ᠲᠡᠮᠡᠴᠡᠭᠡᠨ ᠳᠤ 27 ᠤᠯᠤᠰ ᠤᠷᠤᠨ ᠪᠠ ᠪᠦᠰᠡ ᠨᠤᠲᠤᠭ ᠡᠴᠡ ᠨᠠᠶᠢᠲᠠ 115 ᠬᠠᠯᠢᠬᠴᠢ ᠤᠷᠤᠯᠴᠠᠵᠤ᠂ ᠳᠤᠮᠳᠠᠳᠤ ᠤᠯᠤᠰ  ᠤᠨ ᠪᠠᠭ ᠡᠴᠡ ᠪᠠᠭ ᠤᠨ ᠠᠬᠠᠯᠠᠬᠴᠢ ᠳᠦ᠋ ᠫᠧᠩ ᠪᠤᠯᠤᠨ ᠪᠠᠭ ᠤᠨ ᠭᠡᠰᠢᠬᠦᠨ ᠱᠠᠩ ᠭᠤᠸᠠᠩ ᠸᠸᠢ ᠬᠤᠶᠠᠷ ᠤᠷᠤᠯᠴᠠᠵᠠᠢ᠃ ᠡᠨᠡ ᠨᠢ ᠳᠤᠮᠳᠠᠳᠤ ᠤᠯᠤᠰ ᠤᠨ ᠳᠡᠯᠡᠬᠡᠢ ᠶᠢᠨ ᠬᠠᠯᠢᠯᠲᠠ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ  ᠡᠴᠡ 30 ᠵᠢᠯ ᠰᠠᠯᠵᠤ ᠤᠳᠠᠭᠰᠠᠨ ᠤ ᠳᠠᠷᠠᠭᠠᠬᠢ ᠲᠡᠮᠡᠴᠡᠭᠡᠨ ᠪᠤᠯᠤᠨ᠎ᠠ᠂ ᠤᠭ ᠤᠨ ᠤᠷᠤᠯᠴᠠᠬᠰᠠᠨ ᠳᠡᠯᠡᠬᠡᠢ ᠶᠢᠨ ᠬᠠᠯᠢᠯᠲᠠ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ ᠨᠢ 30 ᠵᠢᠯ ᠤᠨ ᠡᠮᠦᠨᠡᠬᠢ 1987 ᠤᠨ  ᠳᠤ ᠶᠠᠪᠤᠭᠳᠠᠵᠡᠢ᠃ ᠲᠤᠬᠠᠢ ᠶᠢᠨ ᠦᠶ᠎ ᠠ ᠳᠤ ᠳᠤᠮᠳᠠᠳᠤ ᠤᠯᠤᠰ ᠤᠨ ᠬᠠᠯᠢᠯᠲᠠ ᠶᠢᠨ ᠪᠠᠭ ᠤᠨ ᠴᠤᠷ  ᠤᠨ ᠭᠠᠬᠴᠠ ᠬᠠᠯᠢᠭᠴᠢ ᠸᠠᠩ ᠯᠤ ᠴᠦᠨ ᠳᠦᠷᠢᠶᠡᠰᠦᠯᠡᠵᠤ ᠵᠢᠭᠡᠯᠡᠭᠰᠡᠨ ᠬᠠᠯᠢᠯ ᠰᠢᠭᠦᠷ  ᠢᠶᠡᠷ 44 ᠳ᠋ᠤᠭᠡᠷ ᠲᠤ ᠵᠢᠬᠰᠠᠭᠠᠬᠳᠠᠪᠠ᠃ (ᠵᠢᠷᠤᠭ ᠢ ᠳᠤᠮᠳᠠᠳᠤ ᠤᠯᠤᠰ ᠤᠨ ᠬᠠᠯᠢᠯᠲᠠ ᠶᠢᠨ ᠪᠠᠭ ᠬᠠᠩᠭ᠋ᠠᠪᠠ)

1 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠬᠠᠯᠢᠯᠲᠠ ᠶᠢᠨ ᠪᠠᠭ ᠨᠡᠬᠡᠬᠡᠯᠲᠠ ᠶᠢᠨ ᠶᠤᠰᠤᠯᠠᠯ ᠳᠤ

ᠢᠷᠡᠯᠳᠡ᠄ ᠰᠢᠨᠬᠣᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120272181