蒙古文网站Logo
ᠰᠢᠨᠬᠤᠸᠠ ᠮᠤᠩᠭ᠋ᠤᠯ ᠨᠧᠲ

ᠤᠯᠤᠰ ᠲᠠᠶᠠᠭᠠᠷ ᠤᠨ ᠵᠠᠯᠠᠭᠤᠴᠤᠳ ᠪᠠᠭᠠᠴᠤᠳ ᠤᠨ ᠮᠦᠰᠦ ᠴᠠᠰᠤᠨ ᠤ ᠪᠠᠶ᠎ᠠ ᠶᠢᠨ ᠲᠠᠮᠢᠷ ᠤᠨ ᠠᠵᠢᠯᠯᠠᠭ᠎ᠠ ᠬᠦᠬᠡᠬᠤᠲᠠ ᠳ᠋ᠤ ᠡᠬᠢᠯᠡᠯ᠎ᠡ

2017-01-09 17:17

    ᠰᠢᠨᠬᠤᠸᠠ ᠮᠤᠩᠭ᠋᠋ᠤᠯ ᠨᠸᠲ   ᠬᠦᠬᠡᠬᠤᠲᠠ ᠶᠢᠨ 1 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ (ᠬᠦᠵᠡᠰᠭᠦᠯᠡᠩ ) ᠵᠠᠯᠠᠭᠤᠴᠤᠳ ᠪᠠᠭᠠᠴᠤᠳ ᠤᠨ ᠪᠠᠶ᠎ᠠ ᠰᠡᠳᠬᠢᠴᠡ ᠶᠢᠨ ᠡᠷᠡᠬᠦᠯ ᠶᠢᠡᠷ ᠦᠰᠦᠨ ᠪᠤᠢᠢᠵᠢᠬᠤ ᠳ᠋ᠤ ᠰᠢᠯᠢᠲᠡᠭ ᠤᠷᠴᠢᠨ ᠬᠠᠩᠭ᠋ᠠᠵᠤ᠂ ᠮᠦᠰᠦ ᠴᠠᠰᠤᠨ ᠤ ᠪᠠᠶ᠎ᠠ ᠶᠢᠨ ᠲᠠᠮᠢᠷ ᠤᠨ ᠠᠵᠢᠯᠯᠠᠭᠠᠨ ᠳ᠋ᠤ ᠤᠷᠤᠯᠴᠠᠬᠤ ᠢᠲᠡᠪᠬᠢᠵᠢᠯ ᠢ ᠳᠠᠢᠢᠴᠢᠯᠠᠨ᠂ 2020 ᠤᠨ ᠳ᠋ᠤ ᠦᠪᠦᠷ ᠮᠤᠩᠭ᠋ᠤᠯ ᠳ᠋ᠤ ᠶᠠᠪᠤᠭᠲᠠᠬᠤ ᠪᠡᠷ ᠪᠠᠢᠢᠭ᠎ᠠ ᠤᠯᠤᠰ ᠲᠠᠶᠠᠭᠠᠷ ᠤᠨ ᠡᠪᠦᠯ ᠤᠨ ᠤᠯᠠᠷᠢᠯ ᠤᠨ ᠪᠠᠶ᠎ᠠ ᠶᠢᠨ ᠲᠠᠮᠢᠷ ᠤᠨ ᠴᠤᠭᠯᠠᠭᠠᠨ ᠳ᠋ᠤ ᠬᠦᠴᠦᠨ ᠨᠡᠮᠡᠷᠢᠯᠡᠬᠦ ᠵᠤᠷᠢᠯᠭ᠎ᠠ ᠲᠠᠢ 2017 ᠤᠨ ᠤ ᠤᠯᠤᠰ ᠲᠠᠶᠠᠭᠠᠷ ᠤᠨ ᠵᠠᠯᠠᠭᠤᠴᠤᠳ ᠪᠠᠭᠠᠴᠤᠳ ᠤᠨ ᠮᠦᠰᠦ ᠴᠠᠰᠤᠨ ᠤ ᠪᠠᠶ᠎ᠠ ᠶᠢᠨ ᠲᠠᠮᠢᠷ ᠤᠨ ᠠᠵᠢᠯᠯᠠᠭ᠎ᠠ ᠶᠢᠨ ᠦᠪᠦᠷ ᠮᠤᠩᠭ᠋ᠤᠯ ᠳ᠋ᠡᠬᠢ ᠬᠤᠪᠢᠶᠠᠷᠢ ᠲᠠᠯᠠᠪᠠᠢ ᠶᠢᠨ ᠬᠦᠬᠡᠬᠤᠲᠠ ᠦᠷᠲᠡᠭᠡᠨ ᠤ ᠠᠵᠢᠯᠯᠠᠭ᠎ᠠ ᠤᠰᠤᠲᠤ ᠴᠠᠰᠤᠨ ᠳ᠋ᠤ ᠭᠤᠯᠭᠤᠬᠤ ᠲᠦᠪ ᠲᠤ ᠡᠬᠢᠯᠡᠯ᠎ᠡ᠃

    ᠠᠵᠢᠯᠯᠠᠭᠠᠨ ᠤ ᠦᠶ᠎ᠠ ᠪᠡᠷ ᠬᠦᠬᠡᠬᠤᠲᠠ ᠶᠢᠨ ᠲᠠᠮᠢᠷ ᠤᠨ ᠰᠤᠷᠭᠠᠭᠤᠯᠢ ᠶᠢᠨ ᠰᠤᠷᠤᠭᠴᠢᠳ ᠪᠠ ᠮᠦᠰᠦ ᠴᠠᠰᠤᠨ ᠤ ᠪᠠᠶ᠎ᠠ ᠶᠢᠨ ᠲᠠᠮᠢᠷ ᠤᠨ ᠬᠦᠲᠡᠯᠭᠡᠭᠡᠨ ᠤ ᠪᠠᠬᠠᠲᠠᠳ ᠡᠴᠡ ᠦᠵᠡᠬᠦᠯᠦᠯᠭᠡ ᠶᠢᠨ ᠲᠤᠭᠯᠠᠯᠲᠠ ᠭᠠᠷᠭᠠᠪᠠ᠃

    ᠤᠯᠤᠰ ᠲᠠᠶᠠᠭᠠᠷ ᠤᠨ ᠵᠠᠯᠠᠭᠤᠴᠤᠳ ᠪᠠᠭᠠᠴᠤᠳ ᠤᠨ ᠮᠦᠰᠦ ᠴᠠᠰᠤᠨ ᠤ ᠪᠠᠶ᠎ᠠ ᠶᠢᠨ ᠲᠠᠮᠢᠷ ᠤᠨ ᠠᠵᠢᠯᠯᠠᠭ᠎ᠠ ᠪᠤᠯ ᠤᠯᠤᠰ ᠤᠨ ᠪᠠᠶ᠎ᠠ ᠶᠢᠨ ᠲᠠᠮᠢᠷ ᠤᠨ ᠶᠡᠷᠦᠩᠬᠡᠢ ᠲᠤᠪᠴᠢᠶ᠎ᠠ᠂ ᠰᠤᠷᠭᠠᠨ ᠬᠦᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎᠎ᠠ ᠡᠴᠡ ᠵᠤᠬᠢᠶᠠᠨ ᠪᠠᠢᠢᠭᠤᠯᠵᠤ᠂ ᠪᠡᠭᠡᠵᠢᠩ᠂ ᠡᠾᠸᠪᠸᠢ᠂ ᠦᠪᠦᠷ ᠮᠤᠩᠭ᠋ᠤᠯ᠂ ᠭᠢᠷᠢᠨ᠂ ᠰᠢᠨᠵᠢᠶᠠᠩ᠂ ᠯᠢᠶᠤᠤᠨᠢᠩ ᠵᠡᠷᠭᠡ 6 ᠮᠤᠵᠢ ( ᠤᠷᠤᠨ᠂ ᠬᠤᠲᠠ) ᠳ᠋ᠤ ᠬᠤᠪᠢᠶᠠᠷᠢ ᠲᠠᠯᠠᠪᠠᠢ ᠲᠤᠬᠢᠷᠠᠭᠤᠯᠤᠨ᠂ ᠵᠠᠯᠠᠭᠤᠴᠤᠳ ᠪᠠᠭᠠᠴᠤᠳ ᠤᠨ ᠮᠦᠰᠦ ᠴᠠᠰᠤᠨ ᠤ ᠪᠠᠶ᠎ᠠ ᠶᠢᠨ ᠲᠠᠮᠢᠷ ᠤᠨ ᠮᠡᠲᠡᠯᠭᠡ ᠮᠡᠷᠭᠡᠵᠢᠯ ᠢ ᠲᠡᠭᠡᠭ᠍ᠰᠢᠯᠡᠬᠦᠯᠵᠦ᠂ 3 ᠳ᠋ᠦᠩᠰᠢᠭᠤᠷ ᠢᠷᠭᠡᠳ ᠢ ᠮᠦᠰᠦᠨ ᠴᠠᠰᠤᠨ ᠤ ᠪᠠᠶ᠎ᠠ ᠶᠢᠨ ᠲᠠᠮᠢᠷ ᠤᠨ ᠠᠵᠢᠯᠯᠠᠭᠠᠨ ᠳ᠋ᠤ ᠤᠷᠤᠯᠴᠠᠭᠤᠯᠬᠤ ᠵᠤᠷᠢᠯᠲᠠ ᠲᠠᠢ ᠪᠠᠢᠢᠲᠠᠭ᠃

    ᠲᠤᠰ ᠤᠲᠠᠭᠠᠨ ᠤ ᠠᠵᠢᠯᠯᠠᠭ᠎ᠠ ᠨᠢ ᠬᠦᠬᠡᠬᠤᠲᠠ ᠶᠢᠨ ᠬᠤᠲᠤᠩ ᠠᠷᠠᠳ ᠤᠨ ᠲᠤᠭᠤᠷᠢᠭ ᠤᠨ ᠮᠦᠰᠦᠨ ᠴᠠᠰᠤᠨ ᠳ᠋ᠤ ᠪᠠᠶ᠎ᠠ ᠮᠠᠬᠠᠪᠤᠳ ᠶᠢᠡᠨ ᠴᠢᠬᠢᠷᠠᠬᠵᠢᠭᠤᠯᠬᠤ ᠠᠵᠢᠯᠯᠠᠭ᠎ᠠ ᠲᠠᠢ ᠲᠤᠬᠢᠶᠠᠭᠰᠠᠨ ᠪᠤᠯᠬᠤᠷ ᠠᠭᠤᠯᠭ᠎ᠠ ᠬᠡᠯᠪᠡᠷᠢ ᠶᠢᠨ ᠬᠤᠪᠢ ᠳ᠋ᠤ ᠨᠡᠩ ᠪᠠᠶᠠᠯᠢᠭ ᠪᠤᠯᠵᠠᠢ᠃

ᠢᠷᠡᠯᠳᠡ᠄ ᠰᠢᠨᠬᠤᠸᠠ ᠮᠤᠩᠭ᠋᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120274968