蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠪᠡᠶ᠎ᠡ ᠶᠢᠨ ᠲᠠᠮᠢᠷ ᠤᠨ ᠠᠵᠢᠯ ᠤᠨ ᠰᠢᠨ᠎ᠠ ᠪᠠᠶᠢᠳᠠᠯ ᠢ ᠪᠤᠢ ᠪᠤᠯᠭᠠᠨ᠎ᠠ

2017-01-11 16:18

    1 ᠰᠠᠷ᠎ᠠ ᠶᠢᠨ 10 ᠤ ᠡᠳᠦᠷ᠂ 2017 ᠤᠨ ᠤ ᠦᠪᠦᠷ ᠮᠣᠩᠭᠣᠯ ᠤᠨ ᠪᠡᠶ᠎ᠡ ᠶᠢᠨ ᠲᠠᠮᠢᠷ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠳᠤ 2016 ᠤᠨ ᠤ ᠤᠷᠤᠨ ᠳᠠᠶᠠᠭᠠᠷ ᠤᠨ ᠰᠫᠤᠷᠲ ᠶᠢᠨ ᠠᠵᠢᠯ ᠢ ᠳ᠋ᠦᠩᠨᠡᠵᠤ᠂ 2017 ᠤᠨ ᠤ ᠤᠷᠤᠨ ᠳᠠᠶᠠᠭᠠᠷ ᠤᠨ ᠪᠡᠶ᠎ᠡ ᠶᠢᠨ ᠲᠠᠮᠢᠷ ᠤᠨ ᠠᠵᠢᠯ ᠤᠨ ᠡᠭᠦᠷᠭᠡ ᠶᠢ ᠲᠤᠬᠢᠷᠠᠭᠤᠯᠵᠤ ᠪᠠᠶᠢᠷᠢᠰᠢᠭᠤᠯᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠦᠭᠴᠢ ᠯᠢᠦ ᠰᠢᠨ ᠯᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃

    ᠯᠢᠦ ᠰᠢᠨ ᠯᠧ ᠵᠢᠭᠠᠭᠰᠠᠨ ᠢᠶᠡᠷ᠂ ᠢᠷᠡᠬᠦ ᠬᠡᠲᠤᠨ ᠵᠢᠯ ᠪᠤᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠢᠨᠡᠭᠡᠯᠢᠭ᠌ ᠨᠠᠶᠢᠭᠡᠮ ᠢ ᠪᠦᠬᠦ ᠲᠠᠯ᠎ᠠ ᠪᠡᠷ ᠪᠦᠲᠦᠭᠡᠨ ᠪᠠᠶᠢᠭᠤᠯᠬᠤ ᠰᠢᠪᠲᠤᠯᠤᠯᠲᠠ ᠶᠢᠨ ᠱᠠᠲᠤ ᠦᠶ᠎ᠠ᠂ ᠮᠦᠨ ᠴᠤ ᠪᠡᠶ᠎ᠡ ᠶᠢᠨ ᠲᠠᠮᠢᠷ ᠤᠨ ᠠᠵᠢᠯ ᠦᠢᠯᠡᠰ ᠤᠨ ᠵᠠᠭᠪᠤᠷ ᠢᠢᠡᠨ ᠦᠭᠡᠷᠡᠴᠢᠯᠡᠨ ᠬᠦᠭ᠍ᠵᠢᠬᠦᠯᠬᠦ ᠵᠠᠩᠭᠢᠯᠠᠭ᠎ᠠ ᠶᠢᠨ ᠴᠠᠭ ᠦᠶ᠎ᠠ ᠶᠤᠮ᠃ ᠪᠢᠲᠠ《 ᠵᠢᠷᠭᠤᠭᠠᠨ ᠬᠦᠨᠵᠡᠭᠡᠢ ᠲᠠᠨᠢᠯᠲᠠ》 ᠪᠡᠷ ᠵᠢᠯᠤᠭᠤᠳᠤᠭᠤᠯᠵᠤ᠂《 ᠲᠠᠪᠤᠨ ᠪᠦᠬᠦᠳᠡ》 ᠶᠢᠨ ᠰᠢᠨ᠎ᠠ ᠱᠠᠭᠠᠷᠳᠠᠯᠭ᠎ᠠ ᠪᠡᠷ ᠠᠵᠢᠯ ᠢᠶᠡᠨ ᠠᠬᠢᠭᠤᠯᠵᠤ᠂ ᠤᠳᠤᠬᠢ ᠪᠤᠯᠤᠨ ᠢᠷᠡᠭᠡᠳᠦᠢ ᠶᠢ ᠤᠶᠠᠯᠳᠤᠭᠤᠯᠤᠨ᠂ ᠳᠠᠪᠠᠭᠤᠯᠢᠭ ᠢᠶᠡᠨ ᠪᠠᠳᠠᠷᠠᠭᠤᠯᠵᠤ ᠳᠤᠲᠠᠭᠳᠠᠯ ᠢᠶᠡᠨ ᠨᠦᠬᠦᠪᠦᠷᠢᠯᠡᠬᠦ ᠶᠢ ᠤᠶᠠᠯᠳᠤᠭᠤᠯᠵᠤ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠤᠯᠤᠨ ᠢᠷᠭᠡᠳ ᠤᠨ ᠠᠮᠢᠵᠢᠷᠠᠭ ᠠ ᠶᠢ ᠰᠠᠶᠢᠵᠢᠷᠠᠭᠤᠯᠬᠤ ᠶᠢ ᠬᠠᠷᠢᠯᠴᠠᠨ ᠤᠶᠠᠯᠳᠤᠭᠤᠯᠤᠨ᠎ᠠ ᠭᠡᠯ᠎ᠠ᠃ (ᠳᠠᠳᠤᠯᠭ᠎ᠠ ᠶᠢᠨ ᠨᠠᠶᠢᠷᠠᠭᠤᠯᠤᠬᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120290663