蒙古文网站Logo
ᠰᠢᠨᠬᠤᠸᠠ ᠮᠤᠩᠭ᠋ᠤᠯ ᠨᠧᠲ

2016 ᠦᠪᠦᠷ ᠮᠣᠩᠭᠣᠯ ᠤᠨ ᠬᠦᠯ ᠪᠦᠮᠪᠦᠭᠡᠨ ᠤ ᠦᠪᠡᠳᠡᠭᠰᠢ ᠶᠤᠰᠤᠯᠠᠯ ᠶᠠᠪᠤᠬᠳᠠᠪᠠ

2017-01-12 16:51

    1 ᠰᠠᠷ᠎ᠠ ᠶᠢᠨ 11 ᠤ ᠡᠳᠦᠷ ᠂ 2016 ᠦᠪᠦᠷ ᠮᠣᠩᠭᠣᠯ ᠤᠨ ᠬᠦᠯ ᠪᠦᠮᠪᠦᠭᠡᠨ ᠤ ᠦᠪᠡᠳᠡᠭᠰᠢ ᠶᠤᠰᠤᠯᠠᠯ ᠬᠦᠬᠡᠬᠤᠲᠠ ᠳᠤ ᠶᠠᠪᠤᠭᠳᠠᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠦᠭᠴᠢ ᠷᠸᠨ ᠶᠠ ᠫᠢᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠦ ᠲᠤᠸᠠᠨ ᠶᠢᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠡᠷᠢᠭᠦᠯᠦᠭᠴᠢ ᠪᠠᠢ ᠰᠢᠶᠠᠩ ᠴᠢᠶᠦ᠋ᠨ ᠨᠠᠷ ᠠᠵᠢᠯᠯᠠᠭ᠎ᠠ ᠳᠤ ᠤᠷᠤᠯᠴᠠᠪᠠ᠃

    2016 ᠤᠨ ᠳᠤ ᠦᠪᠦᠷ ᠮᠣᠩᠭᠣᠯ ᠤᠨ ᠬᠦᠯ ᠪᠦᠮᠪᠦᠭᠡᠨ ᠤ ᠦᠭᠡᠷᠡᠴᠢᠯᠡᠯᠲᠡ ᠪᠤᠯᠤᠨ ᠬᠦᠭ᠍ᠵᠢᠭᠦᠯᠦᠯᠲᠡ ᠶᠢᠨ ᠬᠤᠪᠢ ᠳᠤ ᠲᠦᠷᠭᠡᠨ ᠬᠦᠭ᠍ᠵᠢᠯ ᠲᠠᠢ᠃ 2016 ᠤᠨ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠯ ᠪᠦᠮᠪᠦᠭᠡ ᠶᠢᠨ ᠳᠤᠮᠳᠠ ᠤᠷᠳᠤ ᠬᠤᠭᠤᠴᠠᠭᠠᠨ ᠤ ᠲᠦᠯᠦᠪᠯᠡᠭᠡ (2016-2050 ᠤᠨ)》 ᠶ᠋ᠢ ᠨᠡᠶᠢᠲᠡᠯᠡᠵᠤ᠂ ᠰᠤᠷᠭᠠᠭᠤᠯᠢ ᠶᠢᠨ ᠬᠦᠷᠢᠶᠠᠨ ᠤ᠂ ᠠᠵᠢᠯᠲᠠᠨ ᠤ᠂ ᠨᠠᠶᠢᠭᠡᠮ ᠬᠤᠷᠢᠶᠠᠯᠠᠯ ᠤᠨ ᠵᠡᠷᠭᠡ ᠲᠦᠷᠪᠡᠨ ᠵᠡᠷᠭᠡᠯᠡᠯ ᠤᠨ ᠬᠦᠯ ᠪᠦᠮᠪᠦᠭᠡ ᠶᠢᠨ ᠬᠤᠯᠪᠤᠭᠠᠲᠤ ᠤᠷᠤᠯᠳᠤᠭᠠᠨ ᠶᠠᠪᠤᠭᠳᠠᠭᠤᠯᠪᠠ᠃ ᠮᠧᠩ ᠴᠤᠤ᠂ ᠮᠸᠩ ᠵᠢᠶᠠ᠂ ᠮᠧᠩ ᠡᠢ ᠬᠤᠯᠪᠤᠭᠠᠲᠤ ᠤᠷᠤᠯᠳᠤᠭᠠᠨ ᠢ ᠠᠮᠵᠢᠯᠲᠠ ᠲᠠᠢ ᠵᠤᠬᠢᠶᠠᠨ ᠪᠠᠶᠢᠭᠤᠯᠵᠤ᠂ 《ᠨᠢᠭᠡ ᠪᠦᠰᠡ ᠨᠢᠭᠡ ᠵᠠᠮ》 ᠤᠨ ᠤᠯᠠᠨ ᠤᠯᠤᠰ ᠤᠨ ᠵᠠᠯᠠᠭᠤ ᠪᠠᠭᠠᠴᠤᠳ ᠤᠨ ᠬᠦᠯ ᠪᠦᠮᠪᠦᠭᠡᠨ ᠵᠤᠰᠠᠯᠠᠩ᠂ 《ᠳᠤᠮᠳᠠᠳᠤ ᠮᠣᠩᠭᠣᠯ ᠤᠷᠤᠰ》 ᠤᠨ ᠵᠠᠯᠠᠭᠤ ᠪᠠᠭᠠᠴᠤᠳ ᠤᠨ ᠬᠦᠯ ᠪᠦᠮᠪᠦᠭᠡᠨ ᠤ ᠤᠷᠢᠯᠭ᠎ᠠ ᠶᠢᠨ ᠲᠡᠮᠡᠴᠡᠭᠡᠨ ᠵᠡᠷᠭᠡ ᠪᠷᠸᠨ᠋ᠳ᠋ ᠶᠢᠨ ᠠᠵᠢᠯᠯᠠᠭ᠎ᠠ ᠨᠤᠭᠤᠳ ᠢ ᠦᠷᠨᠢᠭᠦᠯᠵᠠᠢ᠃ ᠪᠦᠲᠦᠨ ᠵᠢᠯ ᠳᠤ D ᠵᠡᠷᠭᠡᠯᠡᠯ ᠤᠨ ᠳᠠᠰᠬᠠᠯᠵᠢᠭᠤᠯᠤᠭᠴᠢ 600 ᠬᠦᠮᠦᠨ᠂ ᠬᠤᠶᠠᠳᠤᠭᠠᠷ ᠵᠡᠷᠭᠡᠯᠡᠯ ᠡᠴᠡ ᠲᠡᠭᠡᠭ᠍ᠰᠢᠬᠢ ᠬᠢᠨᠠᠬᠴᠢ 550 ᠬᠦᠮᠤᠨ ᠢ ᠪᠤᠯᠪᠠᠰᠤᠷᠠᠭᠤᠯᠪᠠ᠃ ᠲᠠᠯᠠᠪᠤᠷ ᠤᠨ ᠲᠦᠬᠦᠭᠡᠷᠦᠮᠵᠢ ᠤᠯᠠᠮ ᠢᠶᠡᠷ ᠲᠡᠭᠦᠯᠳᠡᠷᠵᠢᠨ᠂ ᠪᠤᠭᠤᠲᠤ ᠬᠤᠲᠠ ᠳᠤ ᠤᠯᠤᠰ ᠤᠨ ᠤᠮᠠᠷᠠᠲᠤ ᠤᠷᠤᠨ ᠤ ᠵᠠᠯᠠᠭᠤ ᠪᠠᠭᠠᠴᠤᠳ ᠤᠨ ᠵᠤᠰᠠᠯᠠᠩ ᠤᠨ ᠠᠵᠢᠯᠯᠠᠭ᠎ᠠ ᠶᠢᠨ ᠰᠠᠭᠤᠷᠢᠨ ᠢ ᠪᠠᠶᠢᠭᠤᠯᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120299096