蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠷᠤᠰ ᠮᠣᠩᠭᠣᠯ ᠤᠨ ᠮᠦᠰᠦ ᠴᠠᠰᠤᠨ ᠤ ᠨᠠᠶᠢᠷ

2017-02-10 16:37

    2 ᠰᠠᠷ᠎ᠠ ᠶᠢᠨ 10 ᠤ ᠡᠳᠦᠷ᠂ ᠦᠩᠭᠡ ᠢᠯᠭᠠᠷᠠᠮ᠎ᠠ ᠮᠦᠰᠦ ᠴᠠᠰᠤᠨ ᠱᠤᠭᠤᠮᠠᠯ ᠬᠤᠲᠠ᠂ ᠮᠦᠰᠦᠨ ᠠᠭᠤᠯᠠ ᠶᠢᠨ ᠭᠤᠯᠭᠤᠭᠤᠷ ᠵᠠᠮ᠂ ᠶᠠᠩᠵᠤ ᠪᠦᠷᠢ ᠶᠢᠨ ᠮᠦᠰᠦ ᠴᠠᠰᠤᠨ ᠱᠤᠭᠤᠮᠠᠯ᠋ ᠁ ᠭᠡᠷᠡᠯ ᠰᠠᠴᠤᠷᠠᠩᠭ᠋ᠤᠢ ᠮᠦᠰᠦᠨ ᠱᠤᠭᠤᠮᠠᠯ ᠤᠨ ᠸᠠᠩᠲᠤ ᠤᠯᠤᠰ ᠲᠤ ᠤᠷᠤᠵᠤ ᠶᠠᠭ ᠯᠠ ᠦᠭᠡᠷ᠎ᠠ ᠨᠢᠭᠡᠨ ᠭᠠᠶᠢᠬᠠᠮᠰᠢᠭᠲᠤ ᠦᠵᠡᠰᠭᠦᠯᠡᠡᠭᠲᠤ ᠤᠷᠤᠨ ᠳᠤ ᠬᠦᠷᠦᠭᠰᠡᠨ ᠮᠡᠲᠤ᠃

    ᠮᠠᠨᠵᠤᠤᠷ ᠲᠤ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠷᠤᠰ ᠮᠣᠩᠭᠣᠯ ᠤᠯᠠᠨ ᠤᠯᠤᠰ ᠤᠨ ᠮᠦᠰᠦ ᠴᠠᠰᠤᠨ ᠤ ᠨᠠᠶᠢᠷ ᠤᠨ ᠴᠢᠮᠡᠭᠲᠤ ᠳ᠋ᠧᠩ ᠰᠠᠴᠤᠷᠠᠨ ᠳᠤᠧᠠᠯᠠᠵᠤ ᠪᠤᠢ᠃ ᠮᠠᠨᠵᠤᠤᠷ ᠲᠤᠰ ᠤᠳᠠᠭᠠᠨ ᠤ ᠠᠵᠢᠯᠯᠠᠭ᠎ᠠ ᠪᠡᠷ ᠳᠠᠮᠵᠢᠨ ᠮᠠᠨᠵᠤᠤᠷ ᠤᠨ ᠡᠪᠤᠯ ᠤᠨ ᠤᠯᠠᠷᠢᠯ ᠤᠨ ᠵᠢᠭᠤᠯᠴᠢᠯᠠᠯ ᠢ ᠲᠦᠭᠡᠮᠡᠯᠵᠢᠭᠦᠯᠵᠤ᠂ ᠵᠢᠭᠤᠯᠴᠢᠯᠠᠯ ᠤᠨ ᠠᠵᠤ ᠦᠢᠯᠡᠰ ᠤᠨ ᠪᠦᠲᠦᠴᠡ ᠶᠢᠨ ᠲᠡᠩᠴᠡᠭᠦᠷᠢ ᠲᠠᠢ ᠬᠦᠭ᠍ᠵᠢᠯᠲᠠ ᠪᠤᠯᠤᠨ ᠠᠵᠤ ᠦᠢᠯᠡᠰ ᠤᠨ ᠳᠡᠰ ᠲᠡᠪᠰᠢᠯᠲᠡ ᠶᠢ ᠠᠬᠢᠭᠤᠯᠤᠨ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠨᠡᠷᠡᠲᠤ ᠲᠡᠮᠳᠡᠭ ᠤᠨ ᠳᠦᠷᠢ ᠳᠦᠷᠬᠦ ᠪᠤᠯᠤᠨ ᠤᠨᠴᠠᠯᠢᠭᠲᠤ ᠪᠦᠲᠦᠭᠡᠭ᠍ᠲᠡᠭᠦᠨ ᠤ ᠵᠠᠮ ᠱᠤᠭᠤᠮ ᠢ ᠲᠦᠯᠦᠪᠰᠢᠭᠦᠯᠵᠤ᠂ ᠮᠠᠨᠵᠤᠤᠷ ᠤᠨ ᠡᠪᠤᠯ ᠤᠨ ᠤᠯᠠᠷᠢᠯ ᠤᠨ ᠵᠢᠭᠤᠯᠴᠢᠯᠠᠯ ᠢ ᠬᠦᠭ᠍ᠵᠢᠭᠦᠯᠦᠨ᠎ᠠ᠃ ᠤᠶᠢᠯᠠᠭᠠᠭᠰᠠᠨ ᠢᠶᠡᠷ᠂ ᠲᠤᠰ ᠤᠳᠠᠭᠠᠨ ᠤ ᠤᠯᠠᠨ ᠤᠯᠤᠰ ᠤᠨ ᠮᠦᠰᠦ ᠴᠠᠰᠤᠨ ᠤ ᠨᠠᠶᠢᠷ ᠤᠨ ᠭᠤᠤᠯ ᠰᠡᠳᠦᠪᠲᠤ ᠴᠡᠴᠡᠷᠯᠢᠭ᠌᠌ ᠨᠡᠶᠢᠲᠡ 30000 ᠪᠤᠰᠤᠭ᠎ᠠ ᠳᠦᠷᠪᠡᠯᠵᠢᠨ ᠮᠧᠲ᠋ᠷ ᠮᠦᠰᠦ ᠴᠠᠰᠤ ᠬᠡᠷᠡᠭᠰᠡᠵᠤ ᠡᠭᠦᠨ ᠳᠤ ᠬᠡᠷᠡᠭᠰᠡᠭᠰᠡᠨ ᠮᠦᠰᠦᠨ ᠤ ᠬᠡᠮᠵᠢᠶ᠎᠎ᠠ ᠨᠢ 10000 ᠪᠤᠰᠤᠭ᠎ᠠ ᠳᠦᠷᠪᠡᠯᠵᠢᠨ ᠮᠧᠲ᠋ᠷ᠂ ᠬᠡᠷᠡᠭᠰᠡᠭᠰᠡᠨ ᠴᠠᠰᠤᠨ ᠤ ᠬᠡᠮᠵᠢᠶ᠎ᠠ 20000 ᠪᠤᠰᠤᠭ᠎ᠠ ᠳᠦᠷᠪᠡᠯᠵᠢᠨ ᠮᠧᠲ᠋ᠷ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011120691120445997