蒙古文网站Logo
ᠰᠢᠨᠬᠤᠸᠠ ᠮᠤᠩᠭ᠋ᠤᠯ ᠨᠧᠲ

ᠥᠪᠦᠷ ᠮᠣᠩ᠋ᠭᠤᠯ ᠤᠨ ᠭᠤᠷᠪᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠪᠡᠶ᠎ᠠ ᠶᠢᠨ ᠲᠠᠮᠢᠷ ᠤᠨ ᠴᠢᠭᠤᠯᠭᠠᠨ ᠤᠯᠠᠭᠠᠨᠬᠠᠳᠠ ᠳᠤ ᠨᠡᠬᠡᠬᠡᠯᠲᠠ ᠪᠡᠨ ᠬᠢᠪᠡ

2017-04-19 10:47

    ᠤᠶᠢᠷ᠎ᠠ ᠳᠤ᠂ ᠥᠪᠦᠷ ᠮᠣᠩ᠋ᠭᠤᠯ ᠤᠨ ᠭᠤᠷᠪᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠪᠡᠶ᠎ᠠ ᠶᠢᠨ ᠲᠠᠮᠢᠷ ᠤᠨ ᠴᠢᠭᠤᠯᠭᠠᠨ ᠤᠯᠠᠭᠠᠨᠬᠠᠳᠠ ᠳᠤ ᠨᠡᠬᠡᠬᠡᠯᠲᠠ ᠪᠡᠨ ᠬᠢᠪᠡ᠃ ᠲᠤᠰ ᠤᠳᠠᠭᠠᠨ ᠤ ᠪᠡᠶ᠎ᠠ ᠶᠢᠨ ᠲᠠᠮᠢᠷ ᠤᠨ ᠴᠢᠭᠤᠯᠭᠠᠨ ᠢ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ᠂ ᠥᠪᠡᠷᠲᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠶᠡᠷᠦᠩᠬᠡᠢ ᠨᠡᠶᠢᠭᠡᠮᠯᠢᠭ᠌᠂ ᠥᠪᠡᠷᠲᠡᠬᠡᠨ ᠵᠠᠰᠠᠬᠤ ᠤᠷᠤᠨ ᠤ ᠠᠬᠠᠮᠠᠳ ᠺᠠᠳ᠋ᠷ ᠤᠨ ᠲᠤᠪᠴᠢᠶ᠎ᠠ᠂ ᠥᠪᠡᠷᠲᠡᠬᠡᠨ ᠵᠠᠰᠠᠬᠤ ᠤᠷᠤᠨ ᠤ ᠦᠳᠡᠬᠦᠰ ᠤᠨ ᠵᠦᠪᠯᠡᠯ ᠤᠨ ᠠᠯᠪᠠᠨ ᠭᠡᠷ ᠪᠠ ᠥᠪᠡᠷᠲᠡᠬᠡᠨ ᠵᠠᠰᠠᠬᠤ ᠤᠷᠤᠨ ᠤ ᠨᠠᠰᠤᠲᠠᠶᠢᠴᠤᠳ ᠤᠨ ᠪᠡᠶ᠎ᠠ ᠶᠢᠨ ᠲᠠᠮᠢᠷ ᠤᠨ ᠨᠡᠶᠢᠬᠡᠮᠯᠢᠭ᠌ ᠡᠴᠡ ᠬᠠᠮᠳᠤᠷᠠᠨ ᠰᠠᠨᠠᠭᠠᠴᠢᠯᠠᠵᠡᠢ᠃

    ᠤᠶᠢᠯᠠᠭᠠᠭᠰᠠᠨ ᠢᠶᠡᠷ᠂ ᠥᠪᠦᠷ ᠮᠣᠩ᠋ᠭᠤᠯ ᠤᠨ ᠭᠤᠷᠪᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠪᠡᠶ᠎ᠠ ᠶᠢᠨ ᠲᠠᠮᠢᠷ ᠤᠨ ᠴᠢᠭᠤᠯᠭᠠᠨ ᠤ ᠡᠯ᠎ᠠ ᠲᠦᠷᠦᠯ  ᠤᠨ ᠲᠡᠮᠡᠴᠡᠭᠡᠨ ᠢ ᠪᠠᠷᠤᠭ 5 ᠰᠠᠷ᠎ᠠ ᠶᠢᠨ ᠬᠤᠭᠤᠴᠠᠭ᠎ᠠ ᠲᠠᠢ ᠤᠷᠤᠨ ᠳᠠᠶᠠᠭᠠᠷ ᠤᠨ 12 ᠠᠶᠢᠮᠠᠭ ᠬᠤᠲᠠ ᠳᠤ ᠵᠠᠯᠭᠠᠭ᠎ᠠ ᠪᠡᠷ ᠶᠠᠪᠤᠭᠳᠠᠭᠤᠯᠤᠨ᠎ᠠ᠃ ᠲᠤᠰ ᠤᠳᠠᠭᠠᠨ ᠤ ᠴᠢᠭᠤᠯᠭᠠᠨ ᠨᠢ ᠮᠦᠨ ᠴᠤ ᠥᠪᠦᠷ ᠮᠣᠩ᠋ᠭᠤᠯ ᠤᠨ ᠬᠡᠪᠴᠢᠶ᠎ᠠ ᠪᠡᠷ ᠬᠠᠮᠤᠭ ᠤᠨ ᠶᠡᠬᠡ᠂ ᠲᠡᠮᠡᠴᠡᠭᠡᠨ ᠤ ᠲᠦᠷᠦᠯ ᠵᠦᠢᠯ ᠬᠠᠮᠤᠭ ᠤᠨ ᠤᠯᠠᠨ ᠨᠠᠰᠤᠲᠠᠶᠢᠴᠤᠳ ᠤᠨ ᠪᠡᠶ᠎ᠠ ᠶᠢᠨ ᠲᠠᠮᠢᠷ ᠤᠨ ᠴᠢᠭᠤᠯᠭᠠᠨ ᠪᠤᠯᠤᠨ᠎ᠠ᠃

ᠢᠷᠡᠯᠳᠡ᠄ ᠥᠪᠦᠷ ᠮᠣᠩ᠋ᠭᠤᠯ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120836324