蒙古文网站Logo
ᠰᠢᠨᠬᠤᠸᠠ ᠮᠤᠩᠭ᠋ᠤᠯ ᠨᠧᠲ

ᠯᠢ ᠶᠦᠩ ᠪᠦᠧᠧ ᠤᠯᠤᠰ ᠤᠨ ᠥᠳᠦᠨ ᠪᠦᠮᠪᠦᠬᠡ ᠶᠢᠨ ᠪᠠᠭ ᠤᠨ ᠶᠡᠷᠦᠩᠬᠡᠢ ᠳᠠᠰᠬᠠᠯᠵᠢᠭᠤᠯᠤᠭᠴᠢ ᠶᠢᠨ ᠲᠤᠰᠢᠶᠠᠯ ᠡᠴᠡ ᠪᠠᠨ ᠪᠠᠭᠤᠪᠠ

2017-04-28 11:16

    4 ᠰᠠᠷ᠎ᠠ ᠶᠢᠨ 27 ᠤ ᠡᠳᠦᠷ ᠤᠯᠤᠰ ᠤᠨ ᠪᠡᠶ᠎ᠠ ᠶᠢᠨ ᠲᠠᠮᠢᠷ ᠤᠨ ᠲᠤᠪᠴᠢᠶᠠᠨ ᠤ ᠫᠢᠩᠫᠤᠩ ᠪᠦᠮᠪᠦᠬᠡ ᠦᠳᠦᠨ ᠪᠦᠮᠪᠦᠬᠡ ᠶᠢᠨ ᠲᠦᠪ ᠡᠴᠡ ᠯᠢ ᠶᠦᠩ ᠪᠦᠧᠧ ᠤᠯᠤᠰ ᠤᠨ ᠥᠳᠦᠨ ᠪᠦᠮᠪᠦᠬᠡ ᠶᠢᠨ ᠪᠠᠭ ᠤᠨ ᠶᠡᠷᠦᠩᠬᠡᠢ ᠳᠠᠰᠬᠠᠯᠵᠢᠭᠤᠯᠤᠭᠴᠢ ᠶᠢᠨ ᠲᠤᠰᠢᠶᠠᠯ ᠡᠴᠡ ᠪᠠᠨ ᠪᠠᠭᠤᠬᠰᠠᠨ ᠢ ᠲᠤᠩᠬᠠᠬᠯᠠᠵᠡᠢ᠃

    ᠯᠢ ᠶᠦᠩ ᠪᠦᠧᠧ 1993 ᠤᠨ ᠳᠤ ᠤᠯᠤᠰ ᠤᠨ ᠥᠳᠦᠨ ᠪᠦᠮᠪᠡᠬᠡ ᠶᠢᠨ ᠪᠠᠭ ᠤᠨ ᠶᠡᠷᠦᠩᠬᠡᠢ ᠳᠠᠰᠬᠠᠯᠵᠢᠭᠤᠯᠤᠭᠴᠢ ᠶᠢᠨ ᠲᠤᠰᠢᠶᠠᠯ ᠢ ᠡᠭᠦᠷᠬᠡᠯᠡᠪᠡ᠃ ᠲᠡᠷᠡᠪᠡᠷ ᠪᠦᠬᠦ ᠲᠠᠮᠢᠷᠴᠢᠳ ᠲᠠᠢ ᠪᠠᠨ ᠬᠠᠮᠲᠤ ᠮᠡᠷᠡᠶᠢᠨ ᠴᠢᠷᠮᠠᠶᠢᠬᠰᠠᠨ ᠢᠶᠡᠷ᠂ 24 ᠵᠢᠯ ᠤᠨ ᠬᠤᠭᠤᠴᠠᠭᠠᠨ ᠳᠤ ᠳᠤᠮᠳᠠᠳᠤ ᠤᠯᠤᠰ ᠤᠨ ᠦᠳᠦᠨ ᠪᠦᠮᠪᠦᠬᠡ ᠶᠢᠨ ᠪᠠᠭ 18 ᠤᠯᠢᠮᠫᠢᠺ ᠤᠨ ᠠᠯᠲᠠᠨ ᠮᠧᠳᠠᠯ ᠭᠠᠷᠳᠠᠵᠤ᠂ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ ᠳᠤ 40 ᠭᠠᠷᠤᠢ ᠤᠳᠠᠭ᠎ᠠ ᠮᠠᠩᠯᠠᠶᠢᠯᠠᠪᠠ᠃

    ᠯᠢ ᠶᠦᠩ ᠪᠦᠧᠧ ᠲᠤᠰᠢᠶᠠᠯ ᠡᠴᠡ ᠪᠠᠨ ᠪᠠᠭᠤᠭᠰᠠᠨ ᠤ ᠳᠠᠷᠠᠭ᠎ᠠ ᠳᠤᠮᠳᠠᠳᠤ ᠤᠯᠤᠰ ᠤᠨ ᠦᠳᠦᠨ ᠪᠦᠮᠪᠦᠬᠡ ᠶᠢᠨ ᠪᠠᠭ ᠲᠤ ᠶᠡᠷᠦᠩᠬᠡᠢ ᠳᠠᠰᠬᠠᠯᠵᠢᠭᠤᠯᠤᠭᠴᠢ ᠪᠠ ᠳᠡᠳ᠋ ᠶᠡᠷᠦᠩᠬᠡᠢ ᠳᠠᠰᠬᠠᠯᠵᠢᠭᠤᠯᠤᠭᠴᠢ ᠶᠢᠨ ᠲᠤᠰᠢᠶᠠᠯ ᠬᠡᠵᠤ ᠲᠤᠬᠢᠷᠠᠭᠤᠯᠬᠤ ᠦᠬᠡᠢ᠂ ᠰᠢᠶᠠ ᠰᠢᠤᠧᠠᠨ ᠽᠧ ᠪᠠ ᠵᠠᠩ ᠵᠢᠶᠦ᠋ᠨ ᠲᠤᠰᠪᠤᠷᠢ ᠳᠤᠮᠳᠠᠳᠤ ᠤᠯᠤᠰ ᠤᠨ ᠦᠳᠦᠨ ᠪᠦᠮᠪᠦᠬᠡ ᠶᠢᠨ ᠪᠠᠭ ᠤᠨ ᠭᠠᠭᠴᠠ ᠬᠦᠮᠦᠨ ᠤ ᠲᠡᠮᠡᠴᠡᠭᠡᠨ ᠤ ᠳᠠᠰᠬᠠᠯᠵᠢᠭᠤᠯᠤᠭᠴᠢ᠂ ᠬᠤᠤᠰ ᠬᠦᠮᠦᠨ ᠤ ᠲᠡᠮᠡᠴᠡᠭᠡᠨ ᠤ ᠳᠠᠰᠬᠠᠯᠵᠢᠭᠤᠯᠤᠭᠴᠢ ᠶᠢᠨ ᠲᠤᠰᠢᠶᠠᠯ ᠢ ᠡᠭᠦᠷᠭᠡᠯᠡᠪᠡ᠃

2012 ᠤᠨ ᠤ 8 ᠰᠠᠷ᠎ᠠ ᠶᠢᠨ 5 ᠤ ᠡᠳᠦᠷ᠂ ᠯᠢ ᠶᠦᠩ ᠪᠦᠧᠧ ᠯᠤᠨᠳᠤᠨ ᠤ ᠤᠯᠢᠮᠫᠢᠺ ᠤᠨ ᠴᠢᠭᠤᠯᠭᠠᠨ ᠳ᠋ᠤ ᠭᠠᠷᠳᠠᠬᠰᠠᠨ ᠠᠯᠲᠠᠨ ᠮᠧᠳᠠᠯ ᠢᠶᠡᠨ ᠦᠵᠡᠬᠦᠯᠵᠤ ᠪᠤᠢ (ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠬᠴᠢ ᠿᠧᠨ ᠵᠧᠩ ᠯᠠᠢ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120890305