蒙古文网站Logo
ᠰᠢᠨᠬᠤᠸᠠ ᠮᠤᠩᠭ᠋ᠤᠯ ᠨᠧᠲ

ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠲᠠᠮᠢᠷ ᠤᠨ ᠴᠢᠭᠤᠯᠭᠠᠨ ᠤ ᠮᠠᠷᠠᠽᠤᠨ ᠲᠡᠮᠡᠴᠡᠭᠡᠨ ᠳᠦ ᠠᠯᠲᠠ ᠰᠢᠭᠦᠷᠦᠭᠰᠡᠨ ᠦᠪᠦᠷ ᠮᠤᠩᠭᠤᠯ ᠤᠨ ᠲᠠᠮᠢᠷᠴᠢᠳ ᠪᠤᠴᠠᠵᠦ ᠢᠷᠡᠯ᠎ᠡ

2017-04-30 15:26

    ᠰᠢᠨᠬᠤᠧᠠ ᠮᠤᠩᠭᠤᠯ ᠨᠧᠲ  ᠬᠦᠬᠡᠬᠤᠲᠠ ᠶᠢᠨ 4 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ (ᠪᠤᠯᠤᠷᠴᠡᠴᠡᠭ᠂ ᠳᠠᠳᠤᠯᠭ᠎ᠠ ᠶᠢᠨ ᠰᠤᠷᠤᠭᠴᠢ ᠲᠠᠨ᠎ᠠ) ᠲᠤᠰ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠲᠠᠮᠢᠷ ᠤᠨ ᠴᠢᠭᠤᠯᠭᠠᠨ ᠤ ᠮᠠᠷᠠᠽᠤᠨ ᠲᠡᠮᠡᠴᠡᠭᠡᠨ ᠤ ᠡᠮᠡᠭᠲᠠᠢ ᠪᠠᠭ ᠤᠨ ᠲᠡᠮᠡᠴᠡᠭᠡᠨ ᠳᠦ ᠠᠯᠲᠠᠠ ᠮᠧᠲᠠᠯ ᠭᠠᠷᠳᠠᠭᠰᠠᠨ ᠦᠪᠦᠷ ᠮᠤᠩᠭᠤᠯ ᠤᠨ ᠲᠠᠮᠢᠷᠴᠢᠳ ᠤᠨ ᠪᠠᠭ ᠬᠦᠬᠡᠬᠤᠲᠠ ᠳᠦ ᠪᠤᠴᠠᠵᠤ ᠢᠷᠡᠪᠡ᠃ ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠢᠶᠨ ᠬᠢᠨ ᠬᠦᠬᠡᠬᠤᠲᠠ ᠶᠢᠨ ᠭᠠᠯᠲᠤ ᠲᠡᠷᠭᠡᠨ ᠦᠷᠲᠡᠭᠡᠨ ᠳᠦ ᠬᠦᠷᠴᠦ ᠭᠠᠨᠵᠤᠭ᠎ᠠ ᠳᠦᠭᠦᠷᠡᠩ ᠪᠤᠴᠠᠵᠤ ᠢᠷᠡᠭᠰᠡᠨ ᠲᠠᠮᠢᠷᠴᠢᠳ ᠢᠶᠡᠨ ᠬᠠᠯᠠᠭᠤᠨ ᠢᠶᠡᠷ ᠪᠠᠶᠠᠷᠯᠠᠨ ᠤᠭᠲᠤᠵᠠᠢ᠃

    ᠤᠶᠢᠯᠠᠭᠠᠭᠰᠠᠨ ᠢᠶᠡᠷ᠂ 4 ᠰᠠᠷ᠎ᠠ ᠶᠢᠨ 29 ᠤ ᠡᠳᠦᠷ ᠲᠢᠶᠠᠨᠵᠢᠨ ᠳᠦ ᠵᠤᠬᠢᠶᠠᠨ ᠪᠠᠶᠢᠭᠤᠯᠤᠭᠳᠠᠭᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠲᠠᠮᠢᠷ ᠤᠨ ᠴᠢᠭᠤᠯᠭᠠᠨ ᠤ ᠮᠠᠷᠠᠽᠤᠨ ᠲᠡᠮᠡᠴᠡᠭᠡᠨ ᠳᠦ ᠦᠪᠦᠷ ᠮᠤᠩᠭᠤᠯ ᠤᠨ ᠲᠠᠮᠢᠷᠴᠢᠨ ᠭᠦᠩ ᠯᠢ ᠬᠤᠧᠠ᠂ ᠡᠾᠧ ᠶᠢᠨ ᠯᠢ᠂ ᠵᠠᠩ ᠶᠢᠩ ᠶᠢᠩ᠂ ᠵᠢᠨ ᠮᠢᠩ ᠮᠢᠩ ᠨᠠᠷ 10 ᠴᠠᠭ 36 ᠮᠢᠨᠤᠲ 27 ᠰᠧᠺᠦᠶ᠋ᠨ᠋ᠲ᠋ ᠤᠨ ᠬᠢᠷᠢ ᠪᠦᠲᠦᠮᠵᠢ ᠪᠡᠷ ᠡᠮᠡᠭᠲᠠᠢ ᠪᠠᠭ ᠤᠨ ᠲᠡᠮᠡᠴᠡᠭᠡᠨ ᠤ ᠠᠯᠲᠠ ᠶᠢ ᠰᠢᠭᠦᠷᠴᠠᠢ᠃ ᠡᠨᠡ ᠨᠢ ᠦᠪᠦᠷ ᠮᠤᠩᠭᠤᠯ ᠤᠨ ᠳᠦᠯᠦᠬᠡᠯᠡᠬᠦ ᠳᠠᠮᠢᠷᠴᠢᠳ ᠤᠨ ᠳᠤᠰ ᠬᠤᠭᠤᠴᠠᠭᠠᠨ ᠤ ᠳᠠᠮᠢᠷ ᠤᠨ ᠴᠢᠭᠤᠯᠭᠠᠨ ᠳᠤ ᠦᠵᠡᠬᠦᠯᠦᠭᠰᠡᠨ ᠠᠩᠬᠠᠨ ᠤ ᠠᠮᠵᠢᠯᠳᠠ ᠪᠤᠯᠤᠭᠰᠠᠨ ᠳᠡᠳᠦᠢ ᠦᠬᠡᠢ᠂ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠡᠷᠬᠦᠨ ᠪᠠᠷᠢᠭᠰᠠᠨ ᠨᠠᠠᠳᠢᠨ ᠪᠡᠯᠡᠭ ᠪᠤᠯᠤᠯ᠎ᠠ᠃

    ᠦᠪᠦᠷ ᠮᠤᠩᠭᠤᠯ ᠤᠨ ᠳᠠᠯ᠎ᠠ ᠨᠤᠳᠤᠭ ᠲᠤ ᠦᠰᠴᠤ ᠳᠦᠷᠦᠭᠰᠡᠨ ᠳᠠᠮᠢᠷᠴᠢᠳ ᠮᠠᠷᠠᠽᠤᠨ ᠳᠡᠮᠡᠴᠡᠬᠡᠨ ᠳᠤ ᠢᠯᠡᠷᠬᠡᠢ ᠳᠠᠪᠠᠭᠤᠯᠢᠭ ᠪᠠᠶᠢᠳᠠᠭ᠃ ᠰᠡᠬᠦᠯ ᠤᠨ ᠵᠢᠯ ᠤᠳ ᠲᠤ᠂ ᠭᠤᠧᠠᠨ ᠽᠢ ᠶᠠᠩ᠂ ᠵᠤᠣ ᠪᠠᠢ ᠳ᠋ᠦᠩ᠂ ᠭᠦᠩ ᠯᠢ ᠬᠤᠧᠠ᠂ ᠡᠾᠧ ᠶᠢᠨ ᠯᠢ᠂ ᠵᠠᠩ ᠶᠢᠩ ᠶᠢᠩ ᠢ ᠪᠠᠭᠲᠠᠭᠠᠭᠰᠠᠨ ᠨᠢᠭᠡ ᠪᠦᠯᠦᠭ ᠲᠠᠮᠢᠷᠴᠢᠳ ᠤᠯᠤᠰ ᠳᠠᠶᠠᠭᠠᠷ ᠤᠨ ᠳᠤᠮᠤ ᠬᠡᠮᠵᠢᠶᠡᠨ ᠤ ᠲᠡᠮᠡᠴᠡᠭᠡᠨ ᠳᠦ ᠵᠠᠯᠭᠠᠪᠠᠷ ᠰᠢᠯᠢᠳᠡᠭ ᠬᠢᠷᠢ ᠪᠦᠲᠦᠮᠵᠢ ᠤᠯᠵᠤ᠂ ᠤᠨᠴᠠᠭᠠᠶᠢᠯᠠᠨ 2015 ᠤᠨ ᠳᠤ ᠮᠠᠷᠠᠽᠤᠨ ᠲᠡᠮᠡᠴᠡᠭᠡᠨ ᠤ ᠡᠮᠡᠭᠲᠠᠢ ᠪᠠᠭ ᠤᠨ ᠠᠯᠳᠠ ᠶᠢ ᠰᠢᠬᠦᠷᠦᠭᠰᠡᠨ ᠡᠴᠡ ᠨᠠᠰᠢ᠂ 2016 ᠤᠨ ᠳᠦ ᠴᠦᠩᠴᠢᠩ ᠳᠦ ᠵᠤᠬᠢᠶᠠᠨ ᠪᠠᠶᠢᠭᠤᠯᠤᠭᠳᠠᠭᠰᠠᠨ ᠤᠯᠤᠰ ᠳᠠᠶᠠᠭᠠᠷ ᠤᠨ ᠮᠠᠷᠠᠽᠤᠨ ᠮᠠᠩᠯᠠᠢ ᠰᠢᠯᠭᠠᠷᠠᠭᠤᠯᠬᠤ ᠲᠡᠮᠡᠴᠡᠭᠡᠨ ᠳᠦ ᠳᠠᠬᠢᠨᠲᠠ ᠲᠡᠷᠢᠭᠦᠯᠡᠵᠦ᠂ ᠵᠠᠩ ᠶᠢᠩ ᠶᠢᠩ ᠬᠤᠪᠢ ᠬᠦᠮᠦᠨ ᠤ ᠳᠡᠮᠡᠴᠡᠬᠡᠨ ᠤ ᠬᠦᠷᠡᠯ ᠮᠧᠳᠠᠯ ᠢ ᠭᠠᠷᠳᠠᠵᠠᠢ᠃ ᠡᠾᠧ ᠶᠢᠨ ᠯᠢ 2013 ᠤᠨ᠂ 2015 ᠤᠨ ᠤ ᠳᠡᠯᠡᠬᠡᠢ ᠶᠢᠨ ᠬᠦᠨᠳᠦ ᠬᠦᠩᠭᠡᠨ ᠪᠡᠶ᠎ᠡ ᠶᠢᠨ ᠲᠠᠮᠢᠷ ᠤᠨ ᠮᠠᠩᠯᠠᠢ ᠰᠢᠯᠭᠠᠷᠠᠭᠤᠯᠬᠤ ᠲᠡᠮᠡᠴᠡᠭᠡᠨ᠂ 2014 ᠤᠨ ᠤ ᠺᠤᠷᠢᠶᠠ ᠳᠦ ᠵᠤᠬᠢᠶᠠᠨ ᠪᠠᠶᠢᠭᠤᠯᠤᠭᠳᠠᠭᠰᠠᠨ ᠠᠽᠢᠶ᠎ᠠ ᠤᠨ ᠪᠡᠶ᠎ᠡ ᠶᠢᠨ ᠲᠠᠮᠢᠷ ᠤᠨ ᠴᠢᠭᠤᠯᠭᠠᠨ ᠵᠡᠷᠬᠡ ᠳᠦ ᠳᠤᠮᠳᠠᠳᠤ ᠤᠯᠤᠰ ᠢ ᠲᠦᠯᠦᠭᠡᠯᠡᠨ ᠤᠷᠤᠯᠴᠠᠵᠠᠢ᠃

ᠬᠦᠬᠡᠬᠤᠲᠠ ᠶᠢᠨ ᠭᠠᠯᠲᠤ ᠲᠡᠷᠭᠡᠨ ᠦᠷᠲᠡᠭᠡᠨ ᠳᠦ ᠳᠠᠮᠢᠷᠴᠢᠳ ᠢᠶᠡᠨ ᠤᠭᠳᠤᠯ᠎ᠠ

ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠮᠢᠷᠴᠢᠳ ᠢᠶᠡᠨ ᠤᠭᠳᠤᠯ᠎ᠠ

ᠡᠮᠡᠭᠳᠡᠢ ᠪᠠᠭ ᠤᠨ ᠳᠠᠮᠢᠷᠴᠢᠳ ᠳᠠᠰᠬᠠᠯᠵᠢᠭᠤᠯᠤᠭᠴᠢ ᠲᠠᠢ ᠪᠡᠨ

ᠳᠠᠰᠬᠠᠯᠵᠢᠭᠤᠯᠤᠭᠴᠢ ᠯᠢᠦ ᠪᠤᠤ

ᠳᠠᠮᠢᠷᠴᠢᠨ ᠭᠦᠩ ᠯᠢ ᠬᠤᠧᠠ

ᠬᠠᠮᠳᠤ ᠶᠢᠨ ᠵᠢᠷᠤᠭ

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120691120898120