蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠲᠡᠮᠡᠴᠡᠭᠡᠨ ᠤ ᠠᠪᠤᠷᠭᠤ ᠶᠢᠨ ᠪᠠᠭ ᠤᠨ ᠤᠮᠠᠷᠠᠲᠤ ᠲᠤᠭᠤᠷᠢᠭ ᠤᠨ ᠰᠢᠢᠳᠪᠦᠷᠢᠲᠦ ᠲᠡᠮᠡᠴᠡᠭᠡᠨ ᠡᠬᠢᠯᠡᠪᠡ

2017-05-03 16:57

    ᠤᠶᠢᠷ᠎ᠠ ᠳᠤ᠂ ᠤᠯᠤᠰ ᠳᠠᠶᠠᠭᠠᠷ ᠤᠨ ᠵᠠᠯᠠᠭᠤ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠠᠵᠢᠯ ᠤᠨ ᠤᠳᠤᠷᠢᠳᠬᠤ ᠪᠠᠭ ᠤᠨ ᠠᠯᠪᠠᠨ ᠪᠠ ᠲᠤᠮᠳᠠᠳᠤ ᠤᠯᠤᠰ ᠤᠨ ᠤᠶᠤᠲᠠᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠌ ᠡᠴᠡ ᠰᠠᠨᠠᠭᠠᠴᠢᠯᠠᠵᠤ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠪᠠ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠡᠴᠡ ᠵᠤᠬᠢᠶᠠᠨ ᠪᠠᠶᠢᠭᠤᠯᠵᠦ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠤᠯᠤᠭᠢ ᠶᠢᠨ ᠶᠡᠬᠡ ᠰᠤᠷᠭᠠᠭᠤᠯᠢ ᠪᠠ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠤᠪᠴᠢᠶ᠎ᠠ ᠡᠴᠡ ᠬᠠᠮᠲᠤᠷᠠᠨ ᠡᠷᠬᠢᠯᠡᠭᠰᠡᠨ ᠳᠤᠮᠳᠠᠳᠤ ᠤᠯᠤᠰ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠲᠡᠮᠡᠴᠡᠭᠡᠨ ᠤ ᠠᠪᠤᠷᠭᠤ ᠶᠢᠨ ᠪᠠᠭ ᠤᠨ ᠤᠮᠠᠷᠠᠲᠤ ᠲᠤᠭᠤᠷᠢᠭ ᠤᠨ ᠰᠢᠢᠳᠪᠦᠷᠢᠲᠦ ᠲᠡᠮᠡᠴᠡᠭᠡᠨ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠤᠯᠤᠭᠢ ᠶᠢᠨ ᠶᠡᠬᠡ ᠰᠤᠷᠭᠠᠭᠤᠯᠢ ᠳᠦ ᠤᠷᠤᠯᠳᠤᠵᠦ ᠡᠬᠢᠯᠡᠪᠡ᠃

    ᠤᠶᠢᠯᠠᠭᠠᠭᠰᠠᠨ ᠢᠶᠡᠷ᠂ ᠳᠤᠮᠳᠠᠳᠤ ᠤᠯᠤᠰ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠲᠡᠮᠡᠴᠡᠭᠡᠨ ᠢ ᠵᠤᠬᠢᠶᠠᠨ ᠪᠠᠶᠢᠭᠤᠯᠤᠭᠰᠠᠨ ᠡᠴᠡ ᠠᠪᠤᠭᠠᠳ ᠪᠠᠷᠢᠮᠵᠢᠶ᠎ᠠ ᠨᠢ ᠦᠨᠳᠦᠷ᠂ ᠱᠠᠭᠠᠷᠳᠠᠯᠭ᠎ᠠ ᠨᠢ ᠴᠢᠩᠭ᠎ᠠ ᠲᠡᠮᠡᠴᠡᠭᠡᠨ ᠡᠷᠬᠢᠯᠡᠬᠦ ᠤᠶᠢᠯᠠᠭᠠᠭᠳᠠᠬᠤᠨ ᠲᠠᠢ ᠪᠠᠶᠢᠵᠦ᠂ ᠲᠠᠰᠤᠷᠠᠯᠲᠠ ᠦᠭᠡᠢ ᠰᠢᠨ᠎ᠡ ᠶᠢ ᠡᠭᠦᠳᠦᠨ᠂ ᠤᠨᠴᠠᠭᠠᠶᠢᠯᠠᠨ 2012 ᠤᠨ ᠡᠴᠡ ᠠᠪᠤᠭᠠᠳ ᠬᠦᠭ᠍ᠵᠢᠨ ᠪᠤᠵᠠᠭᠠᠶᠢᠷᠠᠵᠦ᠂ 2015 ᠤᠨ ᠡᠴᠡ 2016 ᠤᠨ ᠤ ᠲᠡᠮᠡᠴᠡᠭᠡᠨ ᠤ ᠤᠯᠠᠷᠢᠯ ᠳᠤ᠂ ᠬᠦᠯ ᠪᠦᠮᠪᠦᠭᠡ ᠶᠢᠨ ᠲᠡᠮᠡᠴᠡᠭᠡᠨ ᠨᠢ ᠮᠤᠵᠢ ᠶᠢᠨ ᠲᠡᠮᠡᠴᠡᠭᠡᠨ᠂ ᠲᠤᠮᠤ ᠲᠤᠭᠤᠷᠢᠬ ᠤᠨ ᠲᠡᠮᠡᠴᠡᠭᠡᠨ ᠡᠴᠡ ᠤᠯᠤᠰ ᠳᠠᠶᠠᠭᠠᠷ ᠤᠨ ᠰᠢᠢᠳᠪᠦᠷᠢᠲᠦ ᠲᠡᠮᠡᠴᠡᠭᠡᠨ ᠵᠡᠷᠭᠡ ᠨᠡᠶᠢᠲᠡ 2500 ᠭᠠᠷᠤᠢ ᠲᠠᠯᠠᠪᠠᠢ ᠤᠷᠤᠯᠳᠤᠵᠦ᠂ 1258 ᠪᠠᠭ ᠤᠨ 25160 ᠭᠠᠷᠤᠢ ᠲᠠᠮᠢᠷᠴᠢᠨ ᠤᠷᠤᠯᠴᠠᠪᠠ᠃ 2016 ᠤᠨ ᠡᠴᠡ 2017 ᠤᠨ ᠤ ᠲᠡᠮᠡᠴᠡᠭᠡᠨ ᠤ ᠤᠯᠠᠷᠢᠯ ᠳᠤ᠂ ᠲᠡᠮᠡᠴᠡᠭᠡᠨ ᠨᠢ 2016 ᠤᠨ ᠤ 10 ᠰᠠᠷ᠎ᠠ ᠡᠴᠡ 2017 ᠤᠨ ᠤ 7 ᠰᠠᠷ᠎ᠠ ᠪᠤᠯᠲᠠᠯ᠎ᠠ ᠦᠷᠭᠦᠯᠵᠢᠯᠡᠵᠦ᠂ 1400 ᠪᠠᠭ ᠤᠷᠤᠯᠳᠤᠭᠠᠨ ᠳᠦ ᠤᠷᠤᠯᠴᠠᠨ᠂ ᠠᠪᠤᠷᠭᠤ ᠶᠢᠨ ᠪᠠᠭ᠂ ᠰᠤᠷᠭᠠᠭᠤᠯᠢ ᠶᠢᠨ ᠬᠦᠷᠢᠶᠡᠨ ᠤ ᠪᠠᠭ ᠬᠢᠭᠡᠳ ᠠᠵᠢᠯᠲᠠᠨ ᠤ ᠪᠠᠭ ᠭᠡᠵᠤ ᠬᠤᠪᠢᠶᠠᠠ᠂ ᠮᠤᠵᠢ ᠶᠢᠨ ᠲᠡᠮᠡᠴᠡᠭᠡᠨ᠂ ᠤᠷᠤᠨ ᠤ ᠲᠡᠮᠡᠴᠡᠭᠡᠨ ᠪᠠ ᠤᠯᠤᠰ ᠳᠠᠶᠠᠭᠠᠷ ᠤᠨ ᠰᠢᠢᠳᠪᠦᠷᠢᠲᠦ ᠲᠡᠮᠡᠴᠡᠭᠡᠨ ᠢᠶᠡᠷ ᠤᠯᠤᠰ ᠳᠠᠶᠠᠭᠠᠷ ᠤᠨ ᠲᠠᠷᠢᠭᠦᠨ ᠪᠠᠶᠢᠷᠢ ᠶᠢ ᠲᠤᠳᠤᠷᠠᠭᠤᠯᠪᠠ᠃ ᠡᠭᠦᠨ ᠳᠤ᠂ ᠠᠪᠤᠷᠭᠤ ᠶᠢᠨ ᠪᠠᠭ ᠪᠤᠯ ᠲᠡᠮᠡᠴᠡᠭᠡᠨ ᠤ ᠲᠤᠰᠬᠠᠢ ᠮᠡᠷᠭᠡᠵᠢᠯ ᠤᠨ ᠬᠢᠷᠢ ᠲᠦᠪᠰᠢᠨ ᠬᠠᠮᠤᠭ ᠡᠴᠡ ᠦᠨᠳᠦᠷ ᠪᠠᠭ ᠪᠠᠶᠢᠵᠦ᠂ ᠲᠠᠮᠢᠷᠴᠢᠳ ᠨᠢ ᠪᠡᠶ᠎ᠡ ᠶᠢᠨ ᠲᠠᠮᠢᠷ ᠤᠨ ᠳᠡᠭᠡᠲᠦ ᠰᠤᠷᠭᠠᠭᠤᠯᠢ ᠪᠠ ᠶᠡᠬᠡ ᠳᠡᠭᠡᠲᠦ ᠰᠤᠷᠭᠠᠭᠤᠯᠢ ᠶᠢᠨ ᠪᠡᠶ᠎ᠡ ᠲᠠᠮᠢᠷ ᠤᠨ ᠲᠤᠰᠬᠠᠢ ᠮᠡᠷᠭᠡᠵᠢᠯ ᠤᠨ ᠰᠤᠷᠤᠭᠴᠢ ᠪᠤᠯᠤᠨ᠎ᠠ᠃ ᠲᠤᠰ ᠲᠡᠮᠡᠴᠡᠭᠡᠨ ᠤ ᠠᠪᠤᠷᠭᠤ ᠶᠢᠨ ᠪᠠᠭ ᠤᠨ ᠤᠮᠠᠷᠠᠲᠤ ᠲᠤᠭᠤᠷᠢᠭ ᠤᠨ ᠰᠢᠢᠳᠪᠦᠷᠢᠲᠦ ᠲᠡᠮᠡᠴᠡᠭᠡᠨ ᠳᠦ ᠪᠡᠭᠡᠵᠢᠩ ᠤᠨ ᠠᠭᠠᠷ ᠠᠶᠠᠯᠠᠯ ᠤᠨ ᠶᠡᠬᠡ ᠰᠤᠷᠭᠠᠭᠤᠯᠢ᠂ ᠪᠡᠭᠡᠵᠢᠩ ᠤᠨ ᠪᠠᠶᠢᠭᠠᠯᠢ ᠶᠢᠨ ᠰᠢᠯᠵᠢᠯᠡᠬᠦ ᠤᠬᠠᠭᠠᠨ ᠲᠧᠭᠨᠤᠯᠤᠭᠢ ᠶᠢᠨ ᠶᠡᠬᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠬᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠢᠢ ᠪᠠᠭᠲᠠᠭᠠᠭᠰᠠᠨ 15 ᠮᠤᠵᠢ ᠶᠢᠨ 20 ᠶᠡᠬᠡ ᠳᠡᠭᠡᠳᠦ ᠰᠤᠷᠭᠠᠭᠤᠯᠢ ᠶᠢᠨ ᠬᠦᠯ ᠪᠦᠮᠪᠦᠭᠡᠨ ᠪᠠᠭ ᠲᠡᠮᠡᠴᠡᠭᠡᠨ ᠳᠦ ᠤᠷᠤᠯᠴᠠᠠ᠂ ᠤᠯᠤᠰ ᠳᠠᠶᠠᠭᠠᠷ ᠤᠨ ᠰᠢᠢᠳᠪᠦᠷᠢᠲᠦ ᠲᠡᠮᠡᠴᠡᠭᠡᠨ ᠳᠤ ᠤᠷᠤᠯᠴᠠᠬᠤ ᠡᠷᠬᠡ ᠶᠢ ᠲᠡᠮᠡᠴᠡᠯᠳᠦᠪᠡ ᠃ ᠲᠡᠮᠡᠴᠡᠭᠡᠨ 4 ᠰᠠᠷ᠎ᠠ ᠶᠢᠨ 30 ᠤ᠋ ᠡᠳᠦᠷ ᠡᠴᠡ 5 ᠰᠠᠷ᠎ᠠ ᠶᠢᠨ 10 ᠤ᠋ ᠡᠳᠦᠷ ᠪᠤᠯᠲᠠᠯ᠎ᠠ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠤᠯᠤᠭᠢ ᠶᠢᠨ ᠶᠡᠬᠡ ᠰᠤᠷᠭᠠᠭᠤᠯᠢ ᠳᠦ ᠶᠠᠪᠤᠭᠳᠠᠨ᠎ᠠ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠥᠪᠦᠷ ᠮᠣᠩᠭᠤᠯ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120912481