蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠠᠯᠬᠤᠭ᠎ᠠ ᠲᠡᠮᠡᠴᠡᠬᠡᠨ ᠤ ᠰᠤᠷᠭᠠᠭᠤᠯᠢ ᠴᠢᠨ ᠬᠤᠧᠠᠩ ᠳ᠋ᠤᠤ ᠳᠤ ᠪᠠᠶᠢᠭᠤᠯᠤᠭᠳᠠᠪᠠ

2017-05-08 16:27

    5 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠠᠲ᠋ᠯᠧᠲ᠋ᠢᠺ ᠤᠨ ᠨᠡᠶᠢᠬᠡᠮᠯᠢᠭ᠌ ᠪᠠ ᠤᠯᠤᠰ ᠤᠨ ᠰᠫᠤᠷᠲ ᠤᠨ ᠶᠡᠷᠦᠩᠬᠡᠢ ᠲᠤᠪᠴᠢᠶ᠎ᠠ ᠶᠢᠨ ᠴᠢᠨ ᠬᠤᠧᠠᠩ ᠳ᠋ᠤᠤ ᠳᠠᠰᠬᠠᠯᠵᠢᠭᠤᠯᠤᠯᠲᠠ ᠶᠢᠨ ᠰᠠᠭᠤᠷᠢᠨ ᠤ ᠬᠠᠮᠲᠤ ᠪᠡᠷ ᠵᠣᠬᠢᠶᠠᠨ ᠪᠠᠶᠢᠭᠤᠯᠤᠭᠰᠠᠨ ᠳᠤᠮᠳᠠᠳᠤ ᠤᠯᠤᠰ ᠤᠨ ᠠᠯᠬᠤᠭ᠎ᠠ ᠲᠡᠮᠡᠴᠡᠬᠡᠨ ᠤ ᠰᠤᠷᠭᠠᠭᠤᠯᠢ ᠾᠧᠪᠧᠢ ᠶᠢᠨ ᠴᠢᠨ ᠬᠤᠧᠠᠩ ᠳ᠋ᠤᠤ ᠳᠤ ᠠᠯᠪᠠᠨ ᠶᠤᠰᠤᠭᠠᠷ ᠪᠠᠶᠢᠭᠤᠯᠤᠭᠳᠠᠵᠡᠢ᠃ ᠤᠶᠢᠯᠠᠭᠠᠭᠰᠠᠨ ᠢᠶᠡᠷ᠂ ᠲᠤᠰ ᠰᠤᠷᠭᠠᠭᠤᠯᠢ ᠨᠢ  ᠠᠯᠬᠤᠭ᠎ᠠ ᠲᠡᠮᠡᠴᠡᠬᠡᠨ ᠤ ᠳᠠᠰᠬᠠᠯᠵᠢᠭᠤᠯᠤᠯᠲᠠ ᠪᠡᠷ ᠭᠤᠤᠯᠯᠠᠬᠤ ᠪᠦᠭᠡᠳ ᠱᠠᠭᠠᠷᠳᠠᠯᠭ᠎ᠠ ᠲᠠᠢ ᠰᠤᠶᠤᠯ  ᠤᠨ ᠬᠢᠴᠢᠶᠠᠯ ᠢ ᠪᠠᠲᠤᠯᠠᠨ᠎ᠠ᠃ ᠦᠨᠳᠦᠷ ᠳᠦᠪᠰᠢᠨ ᠲᠠᠢ᠂ ᠦᠨᠳᠦᠷ ᠴᠢᠨᠰᠠᠭ᠎ᠠ ᠲᠠᠢ ᠠᠯᠬᠤᠭ᠎ᠠ ᠲᠡᠮᠡᠴᠡᠬᠡᠨ ᠤ ᠪᠡᠯᠡᠳᠭᠡᠯ ᠴᠢᠳᠠᠪᠤᠷᠢᠲᠠᠨ ᠢ ᠤᠯᠤᠰ ᠤᠨ ᠪᠠᠭ ᠲᠤ ᠬᠦᠮᠦᠵᠢᠭᠦᠯᠬᠦ ᠪᠠ ᠬᠦᠷᠭᠡᠬᠦ ᠪᠤᠯ ᠲᠤᠰ ᠰᠤᠷᠭᠠᠭᠤᠯᠢ ᠶᠢᠨ ᠭᠤᠤᠯ ᠡᠬᠦᠷᠬᠡ ᠮᠦᠨ᠃ (ᠵᠢᠷᠤᠭ ᠢ ᠯᠢᠤ ᠰᠢᠤᠧᠠᠢ ᠵᠦᠩ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120937418