蒙古文网站Logo
ᠰᠢᠨᠬᠤᠸᠠ ᠮᠤᠩᠭ᠋ᠤᠯ ᠨᠧᠲ

《ᠬᠠᠷ᠎ᠠ ᠤᠰᠤ ᠶᠢ ᠲᠤᠭᠤᠷᠢᠭᠰᠠᠨ》ᠬᠦᠷᠳᠦᠲᠦ ᠲᠡᠰᠢᠭᠦᠷ ᠤᠨ ᠮᠠᠷᠠᠽᠤᠨ ᠲᠡᠮᠡᠴᠡᠭᠡᠨ ᠬᠦᠬᠡᠬᠤᠲᠠ ᠳᠦ ᠶᠠᠪᠤᠭᠳᠠᠪᠠ

2017-05-15 10:32

    ᠰᠢᠨᠬᠤᠧᠠ ᠬᠤᠷᠢᠶ᠎ᠠ   ᠬᠦᠬᠡᠬᠤᠲᠠ ᠶᠢᠨ 5 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠸᠠᠩ ᠴᠦᠨ ᠶᠠᠨ ) 14 ᠤ ᠡᠳᠦᠷ᠂《ᠬᠠᠷ᠎ᠠ ᠤᠰᠤ ᠶᠢ ᠲᠤᠭᠤᠷᠢᠭᠰᠠᠨ》ᠬᠦᠷᠳᠦᠲᠦ ᠲᠡᠰᠢᠭᠦᠷ ᠤᠨ ᠮᠠᠷᠠᠽᠤᠨ ᠲᠡᠮᠡᠴᠡᠭᠡᠨ ᠬᠦᠬᠡᠬᠤᠲᠠ ᠳᠦ ᠶᠠᠪᠤᠭᠳᠠᠵᠦ ᠪᠡᠭᠡᠵᠢᠩ᠂ ᠴᠢᠭᠤᠯᠤᠯᠲᠤ ᠬᠠᠭᠠᠯᠭ᠎ᠠ ᠬᠢᠬᠡᠳ ᠰᠢᠯᠢ ᠶᠢᠨ ᠭᠤᠤᠯ᠂ ᠪᠤᠭᠤᠲᠤ ᠵᠡᠷᠭᠡ ᠤᠯᠠᠨ ᠭᠠᠵᠠᠷ ᠤᠨ 400 ᠭᠠᠷᠤᠢ ᠬᠦᠷᠳᠦᠲᠦ ᠲᠡᠰᠢᠭᠦᠷ ᠤᠨ ᠳᠤᠷ᠎ᠠ ᠪᠠᠬᠠᠲᠠᠨ ᠤᠷᠤᠯᠴᠠᠪᠠ᠃

    ᠲᠤᠰ ᠤᠳᠠᠭᠠᠨ ᠤ ᠠᠵᠢᠯᠯᠠᠭ᠎ᠠ ᠳᠦ ᠬᠡᠦᠬᠡᠳ ᠤᠨ ᠪᠠᠭ᠂ ᠪᠠᠭᠠᠴᠤᠳ ᠤᠨ ᠪᠠᠭ᠂ ᠵᠠᠯᠠᠭᠤᠴᠤᠳ ᠤᠨ ᠪᠠᠭ ᠬᠢᠭᠡᠳ ᠬᠦᠭᠰᠢᠳᠴᠤᠤᠯ ᠤᠨ ᠪᠠᠭ ᠵᠡᠷᠭᠡ 4 ᠪᠠᠭ ᠬᠤᠪᠢᠶᠠᠪᠠ᠃ ᠡᠭᠦᠨ ᠳᠦ᠂ ᠬᠡᠦᠬᠡᠳ ᠤᠨ ᠪᠠᠭ᠂ ᠪᠠᠭᠠᠴᠤᠳ ᠤᠨ ᠪᠠᠭ ᠤᠨ ᠲᠡᠮᠡᠴᠡᠭᠡᠨ ᠤ ᠵᠠᠢ ᠨᠢ 10 ᠺᠢᠯᠤᠮᠧᠲ᠋ᠷ᠂ ᠵᠠᠯᠠᠭᠤᠴᠤᠳ ᠤᠨ ᠪᠠᠭ ᠪᠠ ᠬᠦᠭᠰᠢᠳᠴᠤᠤᠯ ᠤᠨ ᠲᠡᠮᠡᠴᠡᠭᠡᠨ ᠤ ᠵᠠᠢ ᠶᠢ ᠲᠤᠰ ᠪᠦᠷᠢ 24 ᠺᠢᠯᠤᠮᠧᠲ᠋ᠷ ᠪᠠ 42.195 ᠺᠢᠯᠤᠮᠧᠲ᠋ᠷ ᠢᠶᠡᠷ ᠲᠤᠬᠢᠷᠠᠭᠤᠯᠪᠠ᠃ ᠲᠡᠮᠡᠴᠡᠭᠡᠨ ᠳᠦ ᠤᠷᠤᠯᠴᠠᠭᠴᠢ ᠶᠢᠨ ᠳᠤᠮᠳᠠ 10 ᠵᠢᠯ ᠤᠨ ᠬᠦᠷᠳᠦᠲᠦ ᠲᠡᠰᠢᠭᠦᠷ ᠤᠨ ᠬᠠᠰᠢᠷ ᠲᠤᠷᠰᠢᠯᠭ᠎ᠠ ᠲᠠᠢ ᠬᠦᠮᠦᠰ ᠴᠦ ᠪᠠᠶᠢᠵᠦ᠂ ᠦᠨᠦ ᠵᠢᠯ ᠤᠨ 《5.1》 ᠡᠴᠡ ᠰᠠᠶ᠊ᠢ ᠬᠦᠷᠳᠦᠲᠦ ᠲᠡᠰᠢᠭᠦᠷ ᠲᠠᠢ ᠤᠶᠢᠷᠠᠲᠤᠭᠰᠠᠨ ᠠᠩᠬ᠎ᠠ ᠰᠤᠷᠤᠯᠴᠠᠭᠴᠢ ᠴᠦ ᠪᠤᠢ᠂ ᠬᠡᠳᠦᠶᠢᠪᠡᠷ ᠬᠢᠷᠢ ᠲᠦᠪᠰᠢᠨ ᠨᠢ ᠶᠡᠬᠡ ᠵᠦᠷᠢᠶ᠎ᠡ ᠲᠠᠢ ᠪᠤᠯᠪᠠᠴᠦ ᠲᠡᠳᠡᠨᠠᠷ ᠤᠨ ᠪᠡᠶ᠎ᠡ ᠴᠢᠬᠢᠷᠠᠭᠵᠢᠭᠤᠯᠬᠤ ᠪᠤᠳᠤᠯ ᠨᠢ ᠠᠳᠠᠯᠢᠬᠠᠨ ᠪᠠᠶᠢᠯ᠎ᠠ᠃

    ᠪᠡᠭᠡᠵᠢᠩ ᠡᠴᠡ ᠢᠷᠡᠭᠰᠡᠨ ᠤᠷᠤᠯᠴᠠᠭᠴᠢ ᠳ᠋ᠢᠩ ᠯᠢ ᠮᠢᠨ 10 ᠭᠠᠷᠤᠢ ᠵᠢᠯ ᠤᠨ ᠬᠦᠷᠳᠦᠲᠦ ᠲᠡᠰᠢᠭᠦᠷ ᠤᠨ ᠲᠤᠷᠰᠢᠯᠭ᠎ᠠ ᠲᠠᠢ᠂ ᠲᠡᠷᠡᠪᠡᠷ ᠰᠢᠬᠢᠷ ᠰᠢᠵᠢᠩ ᠡᠪᠡᠳᠴᠢᠨ ᠲᠠᠢ ᠂ ᠬᠦᠷᠳᠦᠲᠦ ᠲᠡᠰᠢᠭᠦᠷ ᠤᠨ ᠰᠫᠤᠷᠲ  ᠢᠢᠡᠷ ᠳᠠᠮᠵᠢᠨ ᠡᠪᠡᠳᠴᠢᠨ ᠤ ᠡᠪᠡᠷᠰᠢᠯ ᠢ ᠨᠠᠮᠳᠠᠭᠠᠬᠤ ᠠᠰᠢᠭ ᠲᠠᠢ ᠲᠠᠯ᠎ᠠ ᠶᠢ ᠪᠡᠶᠡᠴᠢᠯᠡᠨ ᠤᠶᠢᠯᠠᠭᠠᠵᠦ᠂ ᠲᠤᠰ ᠤᠳᠠᠭᠠᠨ ᠤ ᠠᠵᠢᠯᠯᠠᠭ᠎ᠠ ᠪᠡᠷ ᠤᠯᠤᠰ ᠳᠠᠶᠠᠭᠠᠷ ᠤᠨ ᠡᠯ᠎ᠡ ᠭᠠᠵᠠᠷ ᠤᠨ ᠨᠠᠶᠢᠵᠠ ᠲᠠᠢ ᠲᠠᠨᠢᠯᠴᠠᠭᠰᠠᠨ ᠪᠠᠶᠢᠨ᠎ᠠ᠃

    《2012 ᠤᠨ ᠳᠤ ᠪᠢ ᠬᠡᠳᠦᠨ ᠬᠦᠷᠳᠦᠲᠦ ᠲᠡᠰᠢᠭᠦᠷ ᠤᠨ ᠨᠠᠶᠢᠵᠠ ᠲᠠᠢ ᠪᠠᠨ ᠱᠠᠩᠬᠠᠢ ᠡᠴᠡ ᠮᠦᠧᠧ ᠾᠧ ᠬᠦᠷᠴᠤ᠂ 3 ᠰᠠᠷ᠎ᠠ ᠭᠠᠷᠤᠢ ᠶᠢᠨ ᠬᠤᠭᠤᠴᠠᠭ᠎ᠠ ᠬᠡᠷᠡᠭᠰᠡᠨ ᠦᠪᠡᠷ ᠢ ᠪᠠᠨ ᠰᠤᠷᠢᠭᠰᠠᠨ ᠲᠡᠳᠦᠢ ᠦᠭᠡᠢ ᠤᠯᠤᠰ ᠳᠠᠶᠠᠭᠠᠷ ᠤᠨ ᠡᠯ᠎ᠡ ᠭᠠᠵᠠᠷ ᠤᠨ ᠤᠨᠳᠤᠤ ᠤᠨᠳᠤᠤ ᠬᠦᠮᠦᠨ ᠠᠷᠠᠳ ᠤᠨ ᠵᠠᠩ ᠵᠠᠩᠰᠢᠯ ᠢ ᠤᠶᠢᠯᠠᠭᠠᠵᠦ᠂ ᠮᠠᠰᠢ ᠶᠡᠬᠡ ᠤᠯᠤᠯᠲᠠ ᠲᠠᠢ ᠪᠤᠯᠤᠭᠰᠠᠨ》ᠭᠡᠵᠦ ᠳ᠋ᠢᠩ ᠯᠢ ᠮᠢᠨ ᠶᠠᠷᠢᠵᠠᠢ᠃ ᠳᠡᠷᠡ ᠪᠠᠰᠠ ᠳᠠᠷᠠᠭ᠎ᠠ ᠰᠠᠷ᠎ᠠ ᠱᠠᠨᠳᠦ᠋ᠩ ᠮᠤᠵᠢ ᠶᠢᠨ ᠶᠠᠨᠲ᠋ᠠᠢ ᠬᠤᠲᠠ ᠳᠦ ᠶᠠᠪᠤᠭᠳᠠᠬᠤ ᠬᠦᠷᠳᠦᠲᠦ ᠲᠡᠰᠢᠭᠦᠷ ᠤᠨ ᠮᠠᠷᠠᠽᠤᠨ ᠲᠡᠮᠡᠴᠡᠭᠡᠨ ᠳᠦ ᠤᠷᠤᠯᠴᠠᠬᠤ ᠶᠤᠮ ᠪᠠᠶᠢᠨ᠎ᠠ᠃

    ᠡᠭᠦᠨ ᠡᠴᠡ ᠭᠠᠳᠠᠨ᠎ᠠ᠂ ᠲᠤᠰ ᠤᠳᠠᠭᠠᠨ ᠤ ᠬᠦᠷᠳᠦᠲᠦ ᠲᠡᠰᠢᠭᠦᠷ ᠤᠨ ᠲᠡᠮᠡᠴᠡᠭᠡᠨ ᠳᠦ ᠤᠯᠠᠨ ᠵᠠᠯᠠᠭᠤ ᠪᠠᠭᠠᠴᠤᠤᠨ ᠤᠷᠤᠯᠴᠪᠠ᠃ 11 ᠨᠠᠰᠤᠲᠠᠢ ᠸᠠᠩ ᠬᠤᠤ ᠶᠠᠩ ᠬᠦᠷᠳᠦᠲᠦ ᠲᠡᠰᠢᠭᠦᠷ ᠤᠨ ᠨᠠᠶᠢᠵᠠ ᠲᠠᠢ ᠪᠠᠨ ᠨᠡᠷ᠎ᠡ ᠮᠡᠳᠡᠭᠦᠯᠦᠨ ᠤᠷᠤᠯᠴᠠᠵᠠᠢ᠂ ᠲᠡᠳᠡ ᠤᠤᠯ ᠨᠢ ᠪᠧᠢ ᠳ᠋ᠠᠢ ᠡᠾᠧ  ᠳᠦ ᠶᠠᠪᠤᠭᠳᠠᠭᠰᠠᠨ ᠬᠦᠷᠳᠦᠲᠦ ᠲᠡᠰᠢᠭᠦᠷ ᠤᠨ ᠲᠡᠮᠡᠴᠡᠭᠡᠨ ᠳᠦ ᠤᠷᠤᠯᠴᠠᠭᠰᠠᠨ ᠦᠩᠭᠡᠷᠡᠯᠲᠡ ᠲᠠᠢ ᠪᠤᠯᠬᠤᠷ ᠤᠯᠠᠨ ᠬᠡᠦᠬᠡᠳ ᠤᠨ ᠳᠤᠮᠳᠠ ᠯᠠᠪᠳᠠᠭᠤᠨ ᠬᠠᠷᠠᠭᠳᠠᠨ᠎ᠠ᠃ 《ᠬᠦᠷᠳᠦᠲᠦ ᠲᠡᠰᠢᠭᠦᠷ ᠤᠨ ᠳᠠᠰᠬᠠᠯ ᠢᠶᠡᠷ ᠳᠠᠮᠵᠢᠨ ᠲᠡᠩᠴᠡᠭᠦᠷᠢᠰᠢᠬᠦᠯᠬᠦ ᠴᠢᠳᠠᠪᠤᠷᠢ ᠳᠡᠬᠡᠭᠰᠢᠯᠡᠭᠰᠡᠨ ᠢᠶᠡᠷ ᠪᠠᠷᠠᠬᠤ ᠦᠭᠡᠢ ᠲᠠᠮᠢᠷ ᠤᠨ ᠬᠢᠷᠢ ᠪᠦᠲᠦᠮᠵᠢ ᠴᠦ ᠳᠠᠭᠠᠯᠳᠤᠨ ᠳᠡᠭᠡᠭᠰᠢᠯᠡᠭᠰᠡᠨ》ᠭᠡᠵᠦ ᠸᠠᠩ ᠬᠤᠤ ᠶᠠᠩ ᠬᠡᠯᠡᠵᠠᠢ᠃ 4 ᠵᠢᠯ ᠤᠨ ᠡᠮᠦᠨ᠎ᠡ ᠡᠴᠡ ᠳᠡᠷᠡ ᠬᠦᠷᠳᠦᠲᠦ ᠲᠡᠰᠢᠭᠦᠷ ᠲᠠᠢ ᠡᠬᠢᠯᠡᠵᠦ ᠤᠷᠤᠯᠳᠤᠭᠰᠠᠨ ᠡᠴᠡ ᠠᠪᠤᠭᠠᠳ ᠠᠪᠤ ᠡᠵᠢ ᠨᠢ ᠲᠡᠭᠦᠨ ᠢ ᠶᠡᠬᠡ ᠳᠡᠮᠵᠢᠭᠰᠡᠬᠡᠷ ᠢᠷᠡᠵᠡᠢ᠃

    ᠲᠤᠰ ᠤᠳᠠᠭᠠᠨ ᠤ ᠬᠦᠷᠳᠦᠲᠦ ᠲᠡᠰᠢᠭᠦᠷ ᠤᠨ ᠮᠠᠷᠠᠽᠤᠨ ᠲᠡᠮᠡᠴᠡᠭᠡᠨ ᠢ ᠬᠦᠬᠡᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠡᠴᠡ ᠰᠠᠨᠠᠭᠠᠴᠢᠯᠠᠵᠦ᠂ ᠬᠦᠬᠡᠬᠤᠲᠠ ᠶᠢᠨ ᠬᠦᠷᠳᠦᠲᠦ ᠲᠡᠰᠢᠭᠦᠷ ᠤᠨ ᠨᠡᠶᠢᠭᠡᠮᠯᠢᠭ᠂ ᠲᠦᠮᠡᠳ ᠵᠡᠭᠦᠨ ᠬᠤᠰᠢᠭᠤᠨ ᠤ ᠰᠤᠶᠤᠯ ᠲᠠᠮᠢᠷ ᠷᠠᠳᠢᠣ᠋ ᠲᠧᠯᠧᠶ᠋ᠰ ᠲᠤᠪᠴᠢᠶ᠎ᠠ ᠡᠴᠡ ᠵᠤᠬᠢᠶᠠᠨ ᠪᠠᠶᠢᠭᠤᠯᠪᠠ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120973318