蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠰᠫᠤᠷᠲ ᠤᠨ ᠶᠠᠷᠮᠠᠭ ᠲᠠᠪᠤᠨ ᠰᠠᠷ᠎ᠠ ᠶᠢᠨ ᠰᠡᠬᠦᠯᠴᠢ ᠪᠡᠷ ᠱᠠᠩᠬᠠᠢ ᠳᠤ ᠶᠠᠪᠤᠭᠳᠠᠨ᠎ᠠ

2017-05-17 10:58

    ᠰᠢᠨᠬᠤᠧᠠ ᠬᠤᠷᠢᠶ᠎ᠠ  ᠱᠠᠩᠬᠠᠢ ᠶᠢᠨ 5 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠵᠦ ᠬᠤᠩ᠂ ᠡᠦ ᠵᠧᠨ ᠳ᠋ᠦᠩ) 16 ᠤ ᠡᠳᠦᠷ᠂ ᠳᠤᠮᠳᠠᠳᠤ ᠤᠯᠤᠰ ᠤᠨ ᠰᠫᠤᠷᠲ ᠤᠨ ᠬᠡᠷᠡᠭᠰᠡᠯ ᠤᠨ ᠥᠢᠯᠡᠰ ᠤᠨ ᠬᠤᠯᠪᠤᠭ᠎ᠠ ᠱᠠᠩᠬᠠᠢ ᠶᠢᠨ ᠳ᠋ᠦᠩ ᠹᠠᠩ ᠰᠫᠤᠷᠲ ᠤᠨ ᠲᠦᠪ ᠲᠤ ᠬᠡᠪᠯᠡᠯ ᠮᠡᠳᠡᠭᠡᠯᠡᠯ ᠤᠨ ᠬᠤᠷᠠᠯ ᠬᠤᠷᠠᠯᠳᠤᠭᠤᠯᠵᠤ᠂ 2017 (35 ᠳ᠋ᠤᠭᠠᠷ ᠬᠤᠭᠤᠴᠠᠭ᠎ᠠ) ᠳᠤᠮᠳᠠᠳᠤ ᠤᠯᠤᠰ ᠤᠨ ᠤᠯᠠᠨ ᠤᠯᠤᠰ ᠤᠨ ᠰᠫᠤᠷᠲ ᠤᠨ ᠬᠡᠷᠡᠭᠰᠠᠯ ᠤᠨ ᠶᠠᠷᠮᠠᠭ 5 ᠰᠠᠷ᠎ᠠ ᠶᠢᠨ 23 ᠤ ᠡᠳᠦᠷ ᠡᠴᠡ 25 ᠤ ᠡᠳᠦᠷ ᠪᠤᠯᠲᠠᠯ᠎ᠠ ᠱᠠᠩᠬᠠᠢ ᠳᠤ ᠶᠠᠪᠤᠭᠳᠠᠬᠤ ᠶᠢ ᠵᠠᠷᠯᠠᠪᠠ᠃

     ᠲᠤᠰ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠰᠫᠤᠷᠲ ᠤᠨ ᠬᠡᠷᠡᠭᠰᠠᠯ ᠤᠨ ᠶᠠᠷᠮᠠᠭ ᠲᠤ ᠳᠡᠭᠡᠲᠤ ᠲᠦᠪᠰᠢᠨ ᠤ ᠹᠤᠷᠦ᠋ᠮ᠂ ᠨᠦᠯᠦᠭᠡᠯᠡᠯᠴᠡᠯ ᠪᠠ ᠪᠡᠶᠡᠴᠢᠯᠠᠨ ᠲᠤᠭᠤᠯᠬᠤ᠂ ᠲᠤᠭᠯᠠᠯᠲᠠ᠂ ᠠᠷᠠᠯᠵᠢᠶᠠᠨ ᠤ ᠬᠡᠯᠡᠯᠴᠡᠭᠡᠷ ᠪᠤᠯᠤᠨ ᠵᠡᠷᠭᠡᠴᠠᠯ ᠬᠤᠷᠠᠯ ᠵᠡᠷᠭᠡ ᠲᠠᠪᠤᠨ ᠲᠦᠷᠦᠯ ᠤᠨ ᠠᠵᠢᠯᠯᠠᠭ᠎ᠠ ᠶᠠᠪᠤᠭᠳᠠᠭᠤᠯᠵᠤ᠂ ᠮᠡᠷᠭᠡᠵᠢᠯ ᠤᠨ ᠪᠠ ᠡᠩ ᠤᠨ ᠢᠷᠭᠡᠳ ᠤᠨ ᠠᠳᠠᠯᠢ ᠪᠤᠰᠤ ᠱᠠᠭᠠᠷᠳᠠᠯᠭ᠎ᠠ ᠶᠢ ᠬᠠᠩ᠋ᠭᠠᠨ᠎ᠠ᠃

    ᠰᠠᠨᠠᠭᠠᠴᠢᠯᠠᠬᠰᠠᠨ ᠲᠠᠯ᠎ᠠ ᠶᠢᠨ ᠢᠯᠡᠷᠭᠡᠶᠢᠯᠡᠭ᠍ᠰᠡᠨ ᠢᠶᠡᠷ᠂ ᠳᠤᠮᠳᠠᠳᠤ ᠤᠯᠤᠰ ᠤᠨ ᠤᠯᠠᠨ ᠤᠯᠤᠰ ᠤᠨ ᠰᠫᠤᠷᠲ ᠤᠨ ᠬᠡᠷᠡᠭᠰᠠᠯ ᠤᠨ ᠶᠠᠷᠮᠠᠭ 12 ᠵᠢᠯ ᠤᠨ ᠳᠠᠷᠠᠭ᠎ᠠ ᠳᠠᠬᠢᠨ ᠱᠠᠩᠬᠠᠢ ᠳᠤ ᠪᠤᠴᠠᠵᠤ ᠢᠷᠡᠭᠰᠡᠨ ᠮᠦᠷᠲᠡᠬᠡᠨ ᠳᠠᠷᠠᠭᠠᠬᠢ ᠭᠤᠷᠪᠠᠨ ᠵᠢᠯ  ᠳᠤ ᠮᠦᠨ ᠱᠠᠩᠬᠠᠢ ᠳᠤ ᠶᠠᠪᠤᠭᠳᠠᠭᠤᠯᠬᠤ ᠪᠡᠷ ᠲᠤᠭᠳᠠᠵᠡᠢ᠃ ᠡᠨᠡ ᠨᠢ ᠶᠠᠷᠮᠠᠭ ᠲᠤ ᠤᠷᠤᠯᠴᠠᠬᠤ ᠬᠤᠳᠠᠯᠳᠤᠭᠠᠴᠢᠳ ᠪᠠ ᠢᠷᠭᠡᠳ ᠤᠨ ᠡᠷᠡᠮᠡᠯᠵᠡᠯ ᠮᠦᠨ ᠪᠦᠭᠡᠳ ᠲᠠᠶᠠᠭᠠᠷᠴᠢᠯᠠᠬᠰᠠᠨ ᠵᠠᠬ᠎ᠠ ᠵᠡᠭᠡᠯᠢ ᠶᠢ ᠲᠦᠬᠡᠮᠡᠯᠵᠢᠬᠦᠯᠬᠦ ᠰᠤᠩ᠋ᠭᠤᠯᠲᠠ ᠪᠤᠯᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120986755