蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤᠭᠤᠢ ᠲᠡᠷᠭᠡᠨ ᠤ ᠴᠤᠪᠤᠷᠠᠯ ᠤᠷᠤᠯᠳᠤᠭᠠᠨ ᠦᠷᠨᠢᠭᠦᠯᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠰᠠᠨ 70 ᠵᠢᠯ ᠤᠨ ᠤᠢ ᠪᠡᠨ ᠪᠠᠶᠠᠷᠯᠠᠨ ᠲᠡᠮᠳᠡᠭᠯᠡᠪᠡ

2017-05-31 17:53

    ᠰᠢᠨᠬᠤᠸᠠ ᠬᠤᠷᠢᠶ᠎ᠠ ᠬᠦᠬᠡᠬᠤᠲᠠ ᠶᠢᠨ 5 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ 2017 ᠤᠨ ᠤ《 ᠦᠪᠦᠷ ᠮᠣᠩᠭᠣᠯ ᠢᠶᠡᠷ ᠠᠶᠠᠯᠠᠨ᠂ ᠬᠦᠰᠡᠯ ᠢᠶᠡᠨ ᠲᠠᠯ᠎ᠠ ᠨᠤᠲᠤᠭ ᠲᠤ ᠦᠯᠡᠳᠡᠭᠡᠬᠦ》 ᠦᠪᠦᠷ ᠮᠣᠩᠭᠣᠯ ᠢ ᠲᠤᠭᠤᠷᠢᠬᠤ ᠳᠤᠭᠤᠢ ᠲᠡᠷᠭᠡᠨ ᠤ ᠴᠤᠪᠤᠷᠠᠯ ᠠᠵᠢᠯᠯᠠᠭ᠎᠎ᠠ 30 ᠤ ᠡᠳᠦᠷ ᠠᠩᠬᠠᠨ ᠤ ᠦᠷᠲᠡᠭᠡ ᠤᠷᠤᠯᠳᠤᠭᠠᠨ ᠢᠶᠡᠨ ᠳᠠᠭᠤᠰᠬᠠᠪᠠ᠃ ᠬᠦᠬᠡᠬᠠᠭᠤᠷ ᠤᠨ ᠶᠦᠸᠡᠢ ᠴᠢ ᠸᠠᠩ ᠺᠯᠦ᠋ᠪ ᠤᠨ ᠵᠠᠩ ᠵᠢᠩ ᠵᠠᠰᠠᠮᠠᠯ ᠵᠠᠮ ᠤᠨ ᠰᠤᠳᠤᠨ ᠪᠠᠭ ᠲᠤ ᠲᠡᠷᠢᠭᠦᠯᠡᠵᠤ᠂ ᠱᠸᠨ ᠯᠦ ᠴᠢ ᠪᠢᠩ ᠺᠯᠦ᠋ᠪ ᠤᠨ ᠵᠤᠤ ᠶᠢᠩ ᠵᠢᠶᠦ᠋ᠨ ᠵᠠᠯᠠᠭᠤᠴᠤᠳ ᠤᠨ ᠪᠠᠭ ᠲᠤ ᠪᠡᠨ ᠲᠠᠷᠢᠭᠦᠯᠡᠵᠠᠢ᠃

    ᠦᠨᠦ ᠵᠢᠯ ᠤᠨ 5 ᠰᠠᠷ᠎ᠠ ᠡᠴᠡ 9 ᠰᠠᠷ᠎ᠠ ᠪᠤᠯᠲᠠᠯ᠎ᠠ᠂ ᠦᠪᠦᠷ ᠮᠣᠩᠭᠣᠯ 12 ᠲᠦᠷᠦᠯ ᠤᠨ ᠭᠤᠤᠯᠳᠠᠭ᠎ᠠ ᠲᠠᠢ ᠡᠰᠫᠤᠷᠲ  ᠤᠨ ᠠᠵᠢᠯᠯᠠᠭ᠎ᠠ ᠶᠠᠪᠤᠭᠳᠠᠭᠤᠯᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠰᠠᠨ 70 ᠵᠢᠯ ᠤᠨ ᠤᠢ ᠪᠡᠨ ᠪᠠᠶᠠᠷᠯᠠᠨ ᠪᠡᠯᠭᠡᠯᠡᠬᠦ ᠪᠡᠷ ᠪᠤᠢ᠂ ᠳᠤᠭᠤᠢ ᠲᠡᠷᠭᠡ ᠪᠡᠷ ᠦᠪᠦᠷ ᠮᠣᠩᠭᠣᠯ ᠢ ᠲᠤᠭᠤᠷᠢᠬᠤ ᠴᠤᠪᠤᠷᠠᠯ ᠠᠵᠢᠯᠯᠠᠭ᠎ᠠ ᠨᠢ ᠡᠭᠦᠨ ᠤ ᠳᠤᠲᠤᠷᠠᠬᠢ ᠨᠡᠯᠢᠶᠡᠳ ᠡᠷᠲᠡ ᠶᠠᠪᠤᠭᠳᠠᠭᠤᠯᠤᠭᠰᠠᠨ ᠠᠵᠢᠯᠯᠠᠭ᠎ᠠ ᠪᠤᠯᠤᠨ᠎ᠠ᠃ ᠲᠤᠰ ᠤᠳᠠᠭᠠᠨ ᠤ ᠠᠵᠢᠯᠯᠠᠭ᠎ᠠ ᠨᠡᠶᠢᠲᠡ 8 ᠰᠠᠯᠪᠤᠷᠢ ᠦᠷᠲᠡᠭᠡ ᠤᠷᠤᠯᠳᠤᠭᠠᠨ ᠲᠠᠢ᠂ ᠤᠷᠤᠯᠳᠤᠭᠠᠨ ᠤ ᠶᠠᠪᠤᠴᠠ ᠬᠠᠭᠠᠰ ᠵᠢᠯ ᠰᠢᠬᠠᠮ ᠦᠷᠭᠦᠯᠵᠢᠯᠠᠵᠤ᠂ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠤᠨ 350 ᠭᠠᠷᠤᠢ ᠮᠡᠷᠭᠡᠵᠢᠯ ᠤᠨ ᠪᠤᠰᠤ ᠬᠦᠮᠦᠰ ᠤᠷᠤᠯᠴᠠᠨ᠎ᠠ᠂ ᠤᠷᠤᠯᠳᠤᠭᠠᠨ ᠳᠤ ᠤᠷᠤᠯᠴᠠᠭᠰᠠᠳ ᠤᠨ ᠲᠤᠭ᠎ᠠ ᠨᠢᠳᠤᠨᠤᠨ ᠤ ᠬᠢ ᠡᠴᠡ ᠲᠡᠬᠢᠨ ᠢᠶᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121064626