蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠬᠦᠯ ᠪᠦᠮᠪᠦᠭᠡ ᠶᠢᠨ ᠠᠩᠬᠢ ᠤᠯᠤᠰ ᠲᠠᠶᠠᠭᠠᠷ ᠤᠨ ᠤᠶᠤᠲᠠᠳ ᠤᠨ ᠬᠦᠯ ᠪᠦᠮᠪᠦᠭᠡ ᠶᠢᠨ ᠬᠤᠯᠪᠤᠭᠠᠲᠤ ᠲᠡᠮᠡᠴᠡᠭᠡᠨ ᠤ ᠰᠢᠢᠳᠪᠦᠷᠢᠲᠦ ᠲᠡᠮᠡᠴᠡᠭᠡᠨ ᠳ᠋ᠤ ᠤᠷᠤᠯᠴᠠᠬᠤ ᠡᠷᠬᠡ ᠤᠯᠪᠠ

2017-06-07 10:08

    ᠰᠢᠨᠬᠤᠧᠠ ᠮᠤᠩᠭᠤᠯ ᠨᠧᠲ  ᠬᠦᠬᠡᠬᠤᠲᠠ ᠶᠢᠨ 6 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ (ᠬ • ᠦᠵᠡᠰᠭᠦᠯᠡᠩ ) 6 ᠤ ᠡᠲᠦᠷ ᠤᠨ ᠦᠲᠡ ᠶᠢᠨ ᠬᠤᠶᠢᠨ᠎ᠠ᠂ ᠱᠠᠨ ᠰᠢ ᠮᠤᠵᠢ ᠶᠢᠨ ᠰᠢ ᠠᠨ ᠬᠤᠲᠠ ᠳ᠋ᠤ ᠪᠤᠯᠤᠭᠰᠠᠨ ᠤᠯᠤᠰ ᠲᠠᠶᠠᠭᠠᠷ ᠤᠨ ᠤᠶᠤᠲᠠᠳ ᠤᠨ ᠬᠦᠯ ᠪᠦᠮᠪᠦᠭᠡ ᠶᠢᠨ ᠬᠤᠯᠪᠤᠭᠠᠲᠤ ᠲᠡᠮᠡᠴᠡᠭᠡᠨ ᠤ ᠪᠠᠷᠠᠭᠤᠨ ᠬᠤᠶᠢᠲᠤ ᠪᠦᠰᠡ ᠶᠢᠨ ᠲᠡᠮᠡᠴᠡᠭᠡᠨ ᠤ ᠡᠴᠦᠰ ᠤᠨ ᠲᠠᠯᠠᠪᠠᠢ ᠪᠡᠷ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠬᠦᠯ ᠪᠦᠮᠪᠦᠭᠡ ᠶᠢᠨ ᠠᠩᠬᠢ 1᠄ 0 ᠢᠶᠡᠷ ᠡᠵᠡᠨ ᠲᠠᠯᠠᠪᠠᠢ ᠳ᠋ᠤ ᠤᠷᠤᠯᠲᠤᠵᠤ ᠪᠠᠶᠢᠭᠰᠠᠨ ᠰᠢ ᠠᠨ ᠤ ᠭᠠᠵᠠᠷ ᠤᠨ ᠲᠤᠰᠤᠨ ᠤ ᠶᠡᠬᠡ ᠰᠤᠷᠭᠠᠭᠤᠯᠢ ᠶᠢ ᠢᠯᠠᠵᠤ᠂ ᠪᠠᠷᠠᠭᠤᠨ ᠬᠤᠶᠢᠲᠤ ᠪᠦᠰᠡ ᠶᠢᠨ ᠲᠡᠮᠡᠴᠡᠭᠡᠨ ᠤ ᠲᠡᠷᠢᠬᠦᠨ ᠢ ᠰᠢᠭᠦᠷᠴᠦ᠂ ᠡᠨᠡ ᠤᠨ ᠤ 7 ᠰᠠᠷ᠎ᠠ ᠳ᠋ᠤ ᠬᠠᠷᠠᠮᠦ᠋ᠷᠡᠨ ᠮᠤᠵᠢ ᠶᠢᠨ ᠬᠠᠷᠪᠢᠨ ᠬᠤᠲᠠ ᠳ᠋ᠤ ᠶᠠᠪᠤᠭᠲᠠᠬᠤ ᠪᠡᠷ ᠪᠠᠶᠢᠭ᠎ᠠ ᠤᠯᠤᠰ ᠲᠠᠶᠠᠭᠠᠷ ᠤᠨ ᠤᠶᠤᠲᠠᠳ ᠤᠨ ᠬᠦᠯ ᠪᠦᠮᠪᠦᠭᠡ ᠶᠢᠨ ᠬᠤᠯᠪᠤᠭᠠᠲᠤ ᠲᠡᠮᠡᠴᠡᠭᠡᠨ ᠤ ᠰᠢᠢᠳᠪᠦᠷᠢᠲᠦ ᠲᠡᠮᠡᠴᠡᠭᠡᠨ ᠳ᠋ᠤ ᠤᠷᠤᠯᠴᠠᠬᠤ ᠪᠤᠯᠤᠨ᠎ᠠ᠃

    ᠤᠶᠢᠯᠠᠭᠠᠭᠰᠠᠨ ᠢᠶᠡᠷ᠂ ᠤᠯᠤᠰ ᠲᠠᠶᠠᠭᠠᠷ ᠤᠨ ᠤᠶᠤᠲᠠᠳ ᠤᠨ ᠬᠦᠯ ᠪᠦᠮᠪᠦᠭᠡ ᠶᠢᠨ ᠬᠤᠯᠪᠤᠭᠠᠲᠤ ᠲᠡᠮᠡᠴᠡᠭᠡᠨ ᠤ ᠪᠠᠷᠠᠭᠤᠨ ᠬᠤᠶᠢᠲᠤ ᠪᠦᠰᠡ ᠶᠢᠨ ᠲᠡᠮᠡᠴᠡᠭᠡᠨ 5 ᠰᠠᠷ᠎ᠠ ᠶᠢᠨ 30 ᠤ ᠡᠲᠦᠷ ᠡᠬᠢᠯᠡᠨ ᠶᠠᠪᠤᠭᠲᠠᠵᠤ᠂ 8 ᠮᠤᠵᠢ ᠤᠷᠤᠨ ᠤ 16 ᠶᠡᠬᠡ ᠲᠡᠭᠡᠳᠦ ᠰᠤᠷᠭᠠᠭᠤᠯᠢ ᠶᠢᠨ ᠲᠦᠯᠦᠭᠡᠯᠡᠭᠴᠢ ᠶᠢᠨ ᠪᠠᠭ ᠤᠨ 320 ᠲᠠᠮᠢᠷᠴᠢᠨ ᠤᠷᠤᠯᠴᠠᠵᠠᠢ᠃ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠪᠠᠭ ᠨᠢ ᠲᠤᠭᠤᠶᠢᠯᠠᠩ ᠤᠨ ᠲᠡᠮᠡᠴᠡᠭᠡᠨ ᠳ᠋ᠤ 3᠄ 1 ᠪᠡᠷ ᠰᠢᠨᠵᠢᠶᠠᠩ ᠤᠨ ᠲᠠᠷᠢᠶᠠᠯᠠᠩ ᠤᠨ ᠶᠡᠬᠡ ᠰᠤᠷᠭᠠᠭᠤᠯᠢ ᠶᠢ᠂ 3᠄ 2 ᠪᠡᠷ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠶᠢ᠂ 1᠄ 0  ᠪᠡᠷ ᠤᠮᠠᠷᠠᠲᠤ ᠶᠢᠨ ᠦᠨᠳᠦᠰᠦᠲᠡᠨ ᠤ ᠶᠡᠬᠡ ᠰᠤᠷᠭᠠᠭᠤᠯᠢ ᠶᠢ ᠢᠯᠠᠵᠤ ᠂ ᠲᠡᠭᠡᠳᠦ 8  ᠳ᠋ᠤ ᠲᠠᠪᠰᠢᠪᠠ᠃ ᠬᠠᠭᠠᠰ ᠰᠢᠢᠳᠪᠦᠷᠢᠲᠦ ᠲᠡᠮᠡᠴᠡᠭᠡᠨ ᠳ᠋ᠤ 7 ᠄ 1 ᠪᠡᠷ ᠲᠦᠪᠡᠳ ᠤᠨ ᠦᠨᠳᠦᠰᠦᠲᠡᠨ ᠤ ᠶᠡᠬᠡ ᠰᠤᠷᠭᠠᠭᠤᠯᠢ ᠶᠢ ᠂ 5᠄ 4 ᠪᠡᠷ ᠲᠠᠷᠢᠮ ᠤᠨ ᠶᠡᠬᠡ ᠰᠤᠷᠭᠠᠭᠤᠯᠢ ᠶᠢ ᠢᠯᠠᠵᠤ ᠰᠢᠢᠳᠪᠦᠷᠢᠲᠦ ᠲᠡᠮᠡᠴᠡᠭᠡᠨ ᠳ᠋ᠤ ᠤᠷᠤᠯᠴᠠᠬᠤ ᠡᠷᠬᠡ ᠲᠠᠢ ᠪᠤᠯᠵᠠᠢ᠃ ᠰᠢᠢᠳᠪᠦᠷᠢᠲᠦ ᠲᠡᠮᠡᠴᠡᠭᠡᠨ ᠤ ᠦᠶ᠎ᠠ ᠪᠡᠷ ᠂1᠄ 0 ᠪᠡᠷ ᠰᠢ ᠠᠨ ᠤ ᠭᠠᠵᠠᠷ ᠤᠨ ᠲᠤᠰᠤᠨ ᠤ ᠶᠡᠬᠡ ᠰᠤᠷᠭᠠᠭᠤᠯᠢ ᠶᠢ ᠢᠯᠠᠪᠠ᠃ (ᠵᠢᠷᠤᠭ ᠢ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠡᠴᠡ ᠬᠠᠩᠭ᠋ᠠᠪᠠ )

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121100476