蒙古文网站Logo
ᠰᠢᠨᠬᠤᠸᠠ ᠮᠤᠩᠭ᠋ᠤᠯ ᠨᠧᠲ

ᠬᠦᠯ ᠪᠦᠮᠪᠦᠭᠡᠨ ᠤ ᠮᠠᠩᠯᠠᠢ ᠪᠠᠭ ᠭᠠᠨᠵᠤᠭ᠎ᠠ ᠲᠦᠭᠦᠷᠠᠩ ᠬᠠᠷᠢᠵᠤ ᠢᠷᠡᠯ᠎ᠠ

2017-06-08 18:11

    ᠰᠢᠨᠬᠤᠸᠠ ᠮᠣᠩᠭᠣᠯ ᠨᠧᠲ   ᠬᠦᠬᠡᠬᠤᠲᠠ ᠶᠢᠨ 6 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ (ᠬᠡᠤᠬᠡᠨᠰᠤᠯᠢ) 8 ᠤ ᠡᠳᠦᠷ ᠤᠨ ᠦᠳᠡ ᠶᠢᠨ ᠡᠮᠦᠨ᠎ᠠ᠂ ᠤᠯᠤᠰ ᠳᠠᠶᠠᠭᠠᠷ ᠤᠨ ᠤᠶᠤᠲᠠᠳ ᠤᠨ ᠬᠦᠯ ᠪᠦᠮᠪᠦᠭᠡ ᠶᠢᠨ ᠲᠡᠮᠡᠴᠡᠭᠡᠨ ᠤ ᠪᠠᠷᠠᠭᠤᠨ ᠬᠤᠶᠢᠲᠤ ᠶᠢᠨ ᠳᠡᠮᠡᠴᠡᠬᠡᠨ ᠳᠤ ᠮᠠᠩᠯᠠᠶᠢᠯᠠᠭᠰᠠᠨ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠬᠦᠯ ᠪᠦᠮᠪᠦᠭᠡᠨ ᠤ ᠪᠠᠭ ᠭᠠᠨᠵᠤᠭ᠎ᠠ ᠳᠦᠬᠦᠷᠡᠩ ᠪᠤᠴᠠᠨ ᠢᠷᠡᠬᠦ ᠳᠤ ᠤᠭᠲᠤᠬᠤ ᠶᠤᠰᠤᠯᠠᠯ ᠨᠢ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠳᠤ ᠶᠠᠪᠤᠭᠳᠠᠯ᠎ᠠ᠃

    ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠵᠠᠬᠢᠷᠤᠯ ᠭᠡᠷᠡᠯᠲᠤ ᠤᠭᠳᠤᠬᠤ ᠶᠤᠰᠤᠯᠠᠯ ᠤᠨ ᠰᠠᠯᠬᠢ ᠶᠢ ᠬᠠᠭᠠᠯᠵᠤ ᠦᠬᠡ ᠬᠡᠯᠡᠬᠦ ᠳᠤ ᠪᠡᠨ᠄《ᠦᠨᠦᠳᠦᠷ ᠪᠢ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠤᠨ ᠨᠡᠷ᠎ᠡ ᠶᠢᠨ ᠡᠮᠦᠨ᠎ᠡ ᠡᠴᠡ ᠠᠮᠵᠢᠯᠲᠠ ᠳᠦᠭᠦᠷᠡᠩ ᠪᠤᠴᠠᠵᠤ ᠢᠷᠡᠭᠰᠡᠨ ᠮᠠᠩᠯᠠᠢ ᠪᠠᠭ ᠤᠨ ᠬᠢᠨ ᠳᠤ ᠪᠡᠨ ᠪᠠᠶᠠᠷ ᠬᠦᠷᠭᠡᠵᠤ ᠪᠠᠶᠢᠨ᠎ᠠ᠂ ᠲᠠᠨᠠᠷ ᠬᠠᠳᠠᠨ ᠵᠤᠷᠢᠭ᠂ ᠬᠠᠳᠠᠭᠤ ᠪᠤᠯᠪᠠᠰᠤᠷᠠᠯ ᠢᠶᠡᠷ ᠢᠶᠡᠨ ᠡᠨᠡᠬᠦ ᠢᠷᠠᠭᠤ ᠠᠯᠳᠠᠷ ᠢ ᠳᠡᠮᠡᠴᠡᠨ ᠠᠪᠴᠢᠷᠠᠵᠤ᠂ ᠰᠤᠷᠭᠠᠭᠤᠯᠢ ᠳᠤ ᠪᠡᠨ ᠳᠡᠷᠡᠴᠢᠯᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠯ ᠪᠦᠮᠪᠦᠭᠡᠨ ᠪ ᠦᠢᠯᠡᠰ ᠤᠨ ᠬᠦᠭ᠍ᠵᠢᠯᠲᠡ ᠳᠤ ᠬᠦᠴᠦᠨ ᠨᠡᠮᠡᠷᠢᠯᠡᠯ᠎ᠡ》ᠭᠡᠪᠠ᠃

    ᠤᠶᠢᠯᠠᠭᠠᠭᠰᠠᠨ ᠢᠶᠡᠷ᠂ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠬᠦᠯ ᠪᠦᠮᠪᠦᠭᠡᠨ ᠤ ᠪᠠᠭ ᠨᠢ 1998 ᠤᠨ ᠳᠤ ᠪᠠᠶᠢᠭᠤᠯᠤᠭᠳᠠᠵᠠᠢ᠃ ᠤᠳᠤᠬᠠᠨ ᠤ ᠪᠠᠭ ᠤᠨ ᠬᠡᠰᠢᠬᠦᠳ ᠨᠢ ᠭᠤᠤᠯᠳᠠᠭᠤ 20 ᠡᠴᠡ 25 ᠮᠣᠩᠭᠣᠯ ᠰᠤᠷᠤᠭᠴᠢ ᠪᠡᠷ ᠪᠦᠷᠢᠯᠳᠤᠵᠤ᠂ ᠳᠡᠳᠡᠨᠡᠷ ᠢ 22 ᠨᠠᠰᠤ ᠬᠦᠷᠦᠭᠡᠳᠤᠢ ᠨᠢᠭᠡᠳᠦᠭᠡᠷ ᠤᠨ ᠤ ᠤᠶᠤᠲᠠᠳ ᠤᠨ ᠳᠤᠮᠳᠠ ᠡᠴᠡ ᠮᠡᠷᠬᠡᠵᠢᠯ ᠪᠤᠯᠪᠠᠰᠤᠷᠠᠯ ᠤᠨ ᠬᠢᠷᠢ ᠬᠡᠮᠵᠢᠶ᠎ᠡ ᠶᠢ ᠨᠢ ᠦᠨᠳᠦᠰᠦᠯᠡᠨ ᠰᠤᠩᠭ᠋ᠤᠵᠤ ᠠᠪᠤᠭᠰᠠᠨ ᠪᠠᠶᠢᠳᠠᠭ᠃ 2015 ᠤᠨ ᠡᠴᠡ ᠨᠠᠭᠠᠰᠢ ᠵᠢᠯ ᠪᠦᠷᠢ 60 -70 ᠵᠢᠭᠠᠨ ᠰᠤᠷᠭᠠᠯᠲᠠ ᠶᠢᠨ ᠲᠡᠮᠡᠴᠡᠭᠡᠨ ᠬᠢᠭ᠍ᠰᠡᠨ ᠡᠴᠡ ᠭᠠᠳᠠᠨ᠎ᠠ ᠠᠯᠪᠠᠨ ᠶᠤᠰᠤᠨ ᠤ ᠡᠳᠦᠢ ᠳᠡᠳᠦᠢ ᠳᠡᠮᠡᠴᠡᠬᠡᠨ ᠳᠤ ᠤᠷᠤᠯᠴᠠᠵᠤ᠂ ᠳᠤᠮᠳᠠ ᠨᠢ 3 ᠤᠳᠠᠭᠠᠨ ᠤ ᠡᠪᠤᠯ ᠤᠨ ᠰᠤᠷᠢᠯᠲᠠ ᠬᠢᠵᠠᠢ᠃ 《ᠮᠠᠨ ᠤ ᠬᠡᠤᠬᠡᠳ ᠤᠳ ᠳᠠᠰᠬᠠᠯᠵᠢᠭᠤᠯᠤᠭᠴᠢ ᠶᠢᠨ ᠵᠢᠯᠤᠭᠤᠳᠤᠯᠭ᠎ᠠ ᠶᠢ ᠳᠠᠭᠠᠵᠤ ᠪᠡᠶᠡᠯᠡᠭᠦᠯᠬᠦ ᠲᠠᠯ᠎ᠠ ᠪᠡᠷ ᠰᠠᠶᠢᠨ᠂ ᠮᠠᠰᠢ ᠳᠠᠮᠢᠷᠯᠢᠬ᠂ ᠳᠡᠮᠡᠴᠡᠬᠡᠨ ᠳᠤ ᠳᠠᠭᠠᠭᠠᠴᠠ ᠲᠠᠢ᠃ ᠢᠩᠬᠢᠬᠦ ᠪᠡᠷ ᠢᠶᠡᠨ ᠡᠨᠡ ᠤᠳᠠᠭ᠎ᠠ ᠶᠢᠨ ᠪᠠᠷᠠᠭᠤᠨ ᠬᠤᠶᠢᠲᠤ ᠶᠢᠨ ᠳᠡᠮᠡᠴᠡᠬᠡᠨ ᠤ ᠲᠤᠭᠤᠷᠢᠭ ᠤᠨ ᠰᠶ᠋ᠢᠳᠪᠦᠷᠢᠲᠤ ᠲᠡᠮᠡᠴᠡᠭᠡᠨ ᠤ 16 ᠪᠠᠭ ᠢ ᠢᠯᠡᠨ ᠲᠠᠪᠠᠵᠤ᠂ ᠤᠯᠤᠰ ᠲᠠᠶᠠᠭᠠᠷ ᠤᠨ ᠰᠢᠶ᠋ᠳᠪᠦᠷᠢᠳᠦ ᠳᠡᠮᠡᠴᠡᠬᠡᠨ ᠤ ᠤᠷᠤᠯᠴᠠᠬᠤ ᠡᠷᠬᠡ ᠶᠢ ᠤᠯᠤᠨ ᠠᠮᠵᠢᠯᠲᠠ ᠳᠤ ᠬᠦᠷᠴᠤ ᠴᠢᠳᠠᠯ᠎ᠠ》 ᠭᠡᠵᠤ 18 ᠵᠢᠯ ᠤᠨ ᠲᠤᠷᠰᠢ ᠰᠤᠷᠭᠠᠭᠤᠯᠢ ᠶᠢᠨ ᠬᠦᠯ ᠪᠦᠮᠪᠦᠭᠡᠨ ᠤ ᠪᠠᠭ ᠤᠨ ᠦᠷᠨᠢᠯ ᠬᠦᠭ᠍ᠵᠢᠯ᠂ ᠤᠨᠠᠯᠲᠠ ᠪᠠᠭᠤᠷᠠᠯᠲᠠ ᠶᠢ ᠦᠩᠭᠡᠷᠡᠭᠦᠯᠦᠭᠰᠡᠨ ᠲᠠᠰᠬᠠᠯᠵᠢᠭᠤᠯᠤᠭᠴᠢ ᠨᠠᠨᠳᠢᠨᠪᠤᠯᠠᠭ ᠭᠤᠸᠠᠢ ᠶᠠᠷᠤ ᠪᠤᠰᠤ ᠶᠢᠨ ᠲᠠᠶᠢᠪᠤᠩ ᠲᠤᠭᠲᠠᠭᠤᠨ ᠢᠶᠡᠷ ᠰᠤᠷᠪᠤᠯᠵᠢᠯᠠᠭ᠎ᠠ ᠬᠦᠯᠢᠶᠠᠵᠤ ᠶᠠᠷᠢᠯ᠎ᠠ᠃

    ᠡᠳᠡᠬᠡᠷ ᠵᠢᠯ ᠤᠳ ᠤᠨ ᠳᠤᠷᠰᠢ ᠦᠵᠡᠬᠦᠯᠦᠭᠰᠡᠨ ᠠᠮᠵᠢᠯᠳᠠ ᠪᠦᠳᠦᠮᠵᠢ ᠶᠢᠨ ᠢᠶᠡᠨ ᠳᠤᠬᠠᠢ ᠳᠡᠷᠡᠪᠡᠷ᠂ 2001 ᠤᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠶᠤᠲᠠᠳ ᠤᠨ ᠬᠦᠯ ᠪᠦᠮᠪᠦᠭᠡᠨ ᠤ ᠠᠩᠬᠠᠳᠠᠭᠴᠢ ᠲᠡᠮᠡᠴᠡᠭᠡᠨ ᠪᠤᠯᠤᠨ 2011 ᠤᠨ ᠤ ᠠᠩᠬᠠᠳᠤᠭᠠᠷ ᠬᠤᠭᠤᠴᠠᠭᠠᠨ ᠤ《ᠲᠠᠷᠢᠭᠦᠯᠡᠭᠴᠢ ᠴᠤᠮᠤ》ᠲᠡᠮᠡᠴᠡᠭᠡᠨ ᠳᠤ ᠲᠡᠷᠢᠭᠦᠯᠡᠭᠰᠡᠨ᠂ ᠳᠡᠬᠦᠨ ᠡᠴᠡ ᠰᠡᠬᠦᠯ ᠳᠤ 2014 ᠤᠨ ᠤ ᠲᠧ ᠪᠦ᠋ ᠳᠤᠮᠳᠠᠳᠤ ᠶᠢᠨ ᠤᠶᠤᠲᠠᠳ ᠤᠨ ᠬᠦᠯ ᠪᠦᠮᠪᠦᠭᠡᠨ ᠤ ᠬᠤᠯᠪᠤᠭᠠᠲᠤ ᠲᠡᠮᠡᠴᠡᠭᠡᠨ ᠤ ᠤᠮᠠᠷᠠᠲᠤ ᠶᠢᠨ ᠲᠡᠮᠡᠴᠡᠭᠡᠨ ᠤ ᠬᠤᠶᠠᠳᠤᠭᠠᠷ ᠪᠠᠶᠢᠷᠢ᠂ ᠤᠯᠤᠰ ᠳᠠᠶᠠᠭᠠᠷ ᠤᠨ ᠰᠢᠶ᠋ᠳᠪᠦᠷᠢᠲᠤ ᠳᠡᠮᠡᠴᠡᠬᠡᠨ ᠤ ᠲᠠᠪᠤᠳᠤᠭᠠᠷ ᠪᠠᠶᠢᠷᠢ᠂ 2015 ᠤᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠤᠶᠤᠲᠠᠳ ᠤᠨ ᠰᠫᠤᠷᠲ ᠤᠨ ᠨᠠᠭᠠᠳᠤᠮ ᠤᠨ ᠬᠦᠯ ᠪᠦᠮᠪᠦᠭᠡᠨ ᠤ ᠲᠡᠮᠡᠴᠡᠭᠡᠨ ᠤ ᠨᠢᠭᠡᠳᠦᠭᠡᠷ ᠪᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ《ᠲᠡᠷᠢᠭᠦᠯᠡᠭᠴᠢ ᠴᠤᠮᠤ》ᠲᠡᠮᠡᠴᠡᠭᠡᠨ ᠤ ᠬᠤᠶᠠᠳᠤᠭᠠᠷ ᠪᠠᠶᠢᠷᠢ ᠶᠢ ᠠᠪᠴᠤ ᠪᠠᠶᠢᠯ᠎ᠠ ᠬᠡᠵᠡᠢ᠃

    ᠤᠶᠢᠯᠠᠭᠠᠭᠰᠠᠨ ᠢᠶᠡᠷ᠂ 6 ᠰᠠᠷ᠎ᠠ ᠶᠢᠨ 6 ᠤ ᠡᠳᠦᠷ ᠰᠢ ᠠᠨ ᠬᠤᠲᠠ ᠳᠤ ᠶᠠᠪᠤᠭᠳᠠᠭᠰᠠᠨ 2016-2017 ᠤᠶᠤᠲᠠᠳ ᠤᠨ ᠬᠦᠯ ᠪᠦᠮᠪᠦᠭᠡᠨ ᠤ ᠬᠤᠯᠪᠤᠭᠠᠲᠤ ᠲᠡᠮᠡᠴᠡᠭᠡᠨ ᠤ ᠰᠤᠷᠭᠠᠭᠤᠯᠢ ᠶᠢᠨ ᠬᠦᠷᠢᠶᠠᠨ ᠤ ᠪᠠᠭ ᠤᠨ ᠪᠠᠷᠠᠭᠤᠨ ᠬᠤᠶᠢᠲᠤ ᠶᠢᠨ ᠳᠡᠮᠡᠴᠡᠬᠡᠨ ᠤ ᠲᠤᠭᠤᠷᠢᠭ ᠤᠨ ᠰᠢᠶ᠋ᠳᠪᠦᠷᠢᠲᠤ ᠲᠡᠮᠡᠴᠡᠭᠡᠨ ᠳᠤ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠬᠦᠯ ᠪᠦᠮᠪᠦᠭᠡᠨ ᠤ ᠪᠠᠭ 1᠄ 0 ᠢᠶᠡᠷ ᠡᠵᠡᠨ ᠲᠠᠯᠠᠪᠠᠢ ᠳᠤ ᠤᠷᠤᠯᠳᠤᠵᠤ ᠪᠠᠶᠢᠭᠰᠠᠨ ᠰᠢ ᠠᠨ ᠤ ᠴᠢᠯᠠᠭᠤᠨ ᠲᠤᠰᠤᠨ ᠤ ᠶᠡᠬᠡ ᠰᠤᠷᠭᠠᠭᠤᠯᠢ ᠶᠢ ᠳᠠᠪᠠᠵᠤ ᠮᠠᠩᠯᠠᠶᠢᠯᠠᠨ᠂ ᠤᠯᠤᠰ ᠳᠠᠶᠠᠭᠠᠷ ᠤᠨ ᠤᠶᠤᠲᠠᠳ ᠤᠨ ᠬᠦᠯ ᠪᠦᠮᠪᠦᠬᠡᠨ ᠤ ᠬᠤᠯᠪᠤᠭᠠᠲᠤ ᠲᠡᠮᠡᠴᠡᠭᠡᠨ ᠳᠤ ᠤᠷᠤᠯᠴᠠᠬᠤ ᠡᠷᠭᠡ ᠶᠢ ᠤᠯᠵᠠᠢ᠃

ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠵᠡᠬᠢᠷᠤᠯ ᠭᠡᠷᠡᠯᠲᠤ

ᠳᠠᠰᠬᠠᠯᠵᠢᠭᠤᠯᠤᠭᠴᠢ ᠨᠠᠨᠳᠢᠨᠪᠤᠯᠠᠭ

ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠬᠦᠯ ᠪᠦᠮᠪᠦᠭᠡᠨ ᠤ ᠪᠠᠭ ᠤᠨ ᠭᠡᠰᠢᠭᠦᠳ

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121111116