蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠶᠢᠰᠤᠳᠦᠭᠡᠷ ᠬᠤᠭᠤᠴᠠᠭᠠᠨ ᠤ ᠴᠥᠬᠡᠨ ᠲᠤᠭᠠᠲᠤ ᠦᠨᠳᠤᠰᠤᠲᠠᠨ ᠤ ᠤᠯᠠᠮᠵᠢᠯᠠᠯᠲᠤ ᠰᠫᠤᠷᠲ ᠤᠨ ᠴᠢᠭᠤᠯᠭᠠᠨ 7 ᠳ᠋ᠤᠭᠠᠷ ᠰᠠᠷ᠎ᠠ ᠳᠤ ᠶᠠᠪᠤᠭᠳᠠᠨ᠎ᠠ

2017-06-09 10:59

    ᠰᠢᠨᠬᠤᠧᠠ ᠬᠤᠷᠢᠶ᠎ᠠ ᠬᠦᠬᠡᠬᠤᠲᠠ ᠶᠢᠨ 6 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠬᠴᠢ ᠸᠠᠩ ᠴᠦᠨ ᠶᠠᠨ ) 8 ᠤ ᠡᠳᠦᠷ᠂ ᠰᠤᠷᠪᠤᠯᠵᠢᠯᠠᠬᠴᠢ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠶᠢᠰᠤᠳᠦᠭᠡᠷ ᠬᠤᠭᠤᠴᠠᠭᠠᠨ ᠤ ᠴᠥᠬᠡᠨ ᠲᠤᠭᠠᠲᠤ ᠦᠨᠳᠤᠰᠤᠲᠠᠨ ᠤ ᠤᠯᠠᠮᠵᠢᠯᠠᠯᠲᠤ ᠰᠫᠤᠷᠲ ᠤᠨ ᠴᠢᠭᠤᠯᠭᠠᠨ 7 ᠰᠠᠷ᠎ᠠ ᠶᠢᠨ 12 ᠤᠨ ᠡᠳᠦᠷ ᠡᠴᠡ 15 ᠤ ᠡᠳᠦᠷ ᠪᠤᠯᠲᠠᠯ᠎ᠠ ᠬᠦᠯᠦᠨ ᠪᠤᠶᠢᠷ ᠬᠤᠲᠠ ᠳᠤ ᠶᠠᠪᠤᠭᠳᠠᠨ᠎ᠠ᠂ ᠲᠤᠬᠠᠢ ᠶᠢᠨ ᠴᠠᠭ ᠲᠤ ᠤᠷᠤᠨ ᠳᠠᠶᠠᠭᠠᠷ ᠤᠨ 12 ᠠᠶᠢᠮᠠᠭ ᠬᠤᠲᠠ ᠡᠴᠡ 1400 ᠭᠠᠷᠤᠢ ᠲᠠᠮᠢᠷᠴᠢᠨ ᠴᠢᠭᠤᠯᠭᠠᠨ ᠳᠤ ᠤᠷᠤᠯᠴᠠᠨ᠎ᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠴᠥᠬᠡᠨ ᠲᠤᠭᠠᠲᠤ ᠦᠨᠳᠤᠰᠤᠲᠠᠨ ᠤ ᠤᠯᠠᠮᠵᠢᠯᠠᠯᠲᠤ ᠰᠫᠤᠷᠲ ᠤᠨ ᠴᠢᠭᠤᠯᠭᠠᠨ ᠢ ᠥᠪᠦᠷ ᠮᠣᠩᠭ᠋ᠤᠯ ᠤᠨ ᠥᠪᠡᠷᠲᠡᠬᠡᠨ ᠵᠠᠰᠬᠠᠤ ᠤᠷᠤᠨ ᠤ ᠦᠨᠳᠤᠰᠤᠲᠠᠨ ᠤ ᠬᠡᠷᠡᠭ ᠡᠷᠬᠢᠯᠡᠬᠦ ᠵᠦᠪᠯᠡᠯ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠡᠴᠡ ᠰᠠᠨᠠᠭᠠᠴᠢᠯᠠᠵᠤ᠂ ᠬᠦᠯᠦᠨ ᠪᠤᠶᠢᠷ ᠬᠤᠲᠠ ᠶᠢᠨ ᠵᠠᠰᠠᠭ ᠤᠨ ᠤᠷᠳᠤᠨ ᠡᠴᠡ ᠵᠣᠬᠢᠶᠠᠨ ᠪᠠᠶᠢᠭᠤᠯᠤᠨ᠎ᠠ ᠃ 1985 ᠤᠨ ᠡᠴᠡ ᠡᠬᠢᠯᠡᠨ᠂ ᠥᠪᠦᠷ ᠮᠣᠩᠭ᠋ᠤᠯ ᠳᠦᠷᠪᠡᠨ ᠵᠢᠯ  ᠪᠤᠯᠭᠠᠨ ᠨᠢᠬᠡ ᠤᠳᠠᠭ᠎ᠠ ᠤᠷᠤᠨ ᠳᠠᠶᠠᠭᠠᠷ ᠤᠨ ᠴᠥᠬᠡᠨ ᠲᠤᠭᠠᠲᠤ ᠦᠨᠳᠤᠰᠤᠲᠠᠨ ᠤ ᠤᠯᠠᠮᠵᠢᠯᠠᠯᠲᠤ ᠰᠫᠤᠷᠲ ᠤᠨ ᠴᠢᠭᠤᠯᠭᠠᠨ ᠵᠣᠬᠢᠶᠠᠨ ᠪᠠᠶᠢᠭᠤᠯᠳᠠᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121115058