蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 38 ᠮᠠᠰᠢᠨ ᠬᠦᠮᠦᠨ  ᠠᠵᠢᠯᠯᠠᠭᠤᠯᠬᠤ ᠴᠢᠳᠠᠪᠤᠷᠢᠲᠠᠨ ᠦᠬᠠᠢ ᠬᠤᠲᠠ ᠳᠤ ᠮᠦᠴᠡᠭᠡᠷᠬᠡᠵᠤ ᠡᠬᠢᠯᠡᠪᠡ

2017-06-29 16:57

    6 ᠰᠠᠷ᠎ ᠶᠢᠨ 28 ᠤ ᠡᠳᠦᠷ᠂ 《 ᠳ᠋ᠦᠩ ᠯᠢᠶᠠᠩ ᠴᠤᠮᠤ》 ᠬᠤᠶᠠᠳᠤᠭᠠᠷ ᠬᠤᠭᠤᠴᠠᠭᠠᠨ ᠤ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠮᠡᠰᠢᠨ ᠬᠦᠮᠦᠨ ᠤ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢᠨ ᠤᠷᠤᠯᠳᠤᠭᠠᠨ ᠵᠢᠴᠢ ᠤᠯᠤᠰ ᠳᠠᠶᠠᠭᠠᠷ ᠤᠨ ᠠᠵᠤ ᠦᠢᠯᠡᠳᠪᠦᠷᠢ ᠶᠢᠨ ᠮᠠᠰᠢᠨ ᠬᠦᠮᠦᠨ ᠤ ᠬᠡᠷᠡᠭᠯᠡᠭᠡᠨ ᠤ ᠮᠡᠷᠭᠡᠵᠢᠯ ᠤᠨ ᠤᠷᠤᠯᠳᠤᠭᠠᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠳᠡᠬᠢ ᠰᠢᠯᠭᠠᠷᠠᠭᠤᠯᠤᠯᠲᠠ ᠦᠬᠠᠢ ᠬᠤᠲᠠ ᠳᠤ ᠶᠠᠪᠤᠭᠳᠠᠪᠠ᠃ ᠤᠷᠤᠨ ᠳᠠᠶᠠᠭᠠᠷ ᠤᠨ ᠡᠯ᠎ᠠ ᠠᠶᠢᠮᠠᠭ ᠬᠤᠲᠠ ᠡᠴᠡ ᠬᠦᠷᠦᠯᠴᠡᠨ ᠢᠷᠡᠭᠰᠡᠨ ᠠᠵᠤ ᠠᠬᠤᠶᠢᠯᠠᠯ ᠪᠤᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 13 ᠲᠦᠯᠦᠭᠡᠯᠡᠬᠦ ᠪᠠᠭ ᠤᠨ 38 ᠮᠠᠰᠢᠨ ᠬᠦᠮᠦᠨ ᠠᠵᠢᠯᠯᠠᠭᠤᠯᠬᠤ ᠴᠢᠳᠠᠪᠤᠷᠢᠲᠠᠨ 3 ᠡᠳᠦᠷ ᠤᠨ ᠬᠤᠭᠤᠴᠠᠭ᠎ᠠ ᠲᠠᠢ ᠰᠢᠷᠦᠭᠦᠨ ᠦᠷᠢᠰᠦᠯᠳᠦᠭᠡᠨ ᠶᠠᠪᠤᠭᠳᠠᠨ᠎ᠠ᠃

    ᠤᠷᠤᠯᠳᠤᠭᠠᠨᠨ ᠤ ᠠᠵᠢᠯᠲᠠᠨ ᠤ ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠤᠷᠤᠯᠳᠤᠭᠠᠨ ᠳᠤ 3 ᠰᠤᠷᠤᠭᠴᠢᠳ ᠤᠨ ᠪᠠᠭ ᠤᠨ ᠤᠷᠤᠯᠴᠠᠭᠴᠢ ᠪᠤᠯᠤᠨ 3 ᠠᠵᠢᠯ ᠮᠡᠷᠭᠡᠵᠢᠯ ᠤᠨ ᠪᠠᠭ ᠤᠨ ᠤᠷᠤᠯᠴᠠᠭᠴᠢ ᠰᠢᠯᠭᠠᠷᠠᠭᠤᠯᠤᠨ᠎ᠠ᠃ ᠰᠢᠯᠭᠠᠷᠠᠭᠰᠠᠳ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠢ ᠲᠦᠯᠦᠭᠡᠯᠡᠨ ᠤᠯᠤᠰ ᠳᠠᠶᠠᠭᠠᠷ ᠤᠨ ᠠᠵᠤ ᠦᠢᠯᠡᠳᠪᠦᠷᠢ ᠶᠢᠨ ᠮᠠᠰᠢᠨ ᠬᠦᠮᠦᠨ ᠤ ᠮᠡᠷᠭᠡᠵᠢᠯ ᠤᠨ ᠬᠡᠷᠡᠭᠯᠡᠭᠡᠨ ᠤ ᠤᠷᠤᠯᠳᠤᠭᠠᠨ ᠳᠤ ᠤᠷᠤᠯᠴᠠᠬᠤ ᠶᠤᠮ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121235588