蒙古文网站Logo
ᠰᠢᠨᠬᠤᠸᠠ ᠮᠤᠩᠭ᠋ᠤᠯ ᠨᠧᠲ

ᠮᠣᠩᠭ᠋ᠤᠯ ᠤᠯᠤᠰ ᠤᠨ ᠶᠡᠷᠦᠩᠬᠡᠶᠢᠯᠡᠭᠴᠢ ᠠᠪᠤᠷᠭᠤ ᠪᠦᠬᠡ ᠪᠠᠶᠠᠷᠪᠠᠭᠠᠲᠤᠷ  ᠢ ᠠᠯᠲᠠᠨ ᠭᠠᠳᠠᠰᠤ ᠤᠳᠤᠨ  ᠢᠶᠡᠷ ᠱᠠᠩᠨᠠᠯ᠎ᠠ

2017-07-07 08:37

    ᠰᠢᠨᠬᠤᠧᠠ ᠬᠤᠷᠢᠶ᠎ᠠ  ᠤᠯᠠᠭᠠᠨᠪᠠᠭᠠᠲᠤᠷ ᠤᠨ 7 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠠᠰᠬᠠᠨ) 6 ᠤ ᠡᠳᠦᠷ᠂ ᠮᠣᠩᠭ᠋ᠤᠯ ᠤᠯᠤᠰ ᠤᠨ ᠶᠡᠷᠦᠩᠬᠡᠶᠢᠯᠡᠭᠴᠢ ᠡᠯᠪᠡᠭ᠍ᠳᠤᠷᠵᠢ ᠵᠠᠷᠯᠢᠭ ᠭᠠᠷᠭᠠᠵᠤ ᠳᠤᠮᠳᠠᠳᠤ ᠤᠯᠤᠰ ᠤᠨ ᠥᠪᠦᠷ ᠮᠣᠩ᠋ᠭᠤᠯ ᠤᠨ ᠰᠢᠯᠢ ᠶᠢᠨ ᠭᠤᠤᠯ ᠠᠢᠮᠠᠭ ᠢᠶᠡᠷ ᠨᠤᠲᠤᠭ ᠲᠠᠢ ᠠᠪᠤᠷᠭᠤ ᠪᠦᠬᠡ ᠪᠠᠶᠠᠷᠪᠠᠭᠠᠲᠤᠷ ᠢ ᠠᠯᠲᠠᠨ ᠭᠠᠳᠠᠰᠤ ᠤᠳᠤᠨ  ᠢᠶᠡᠷ ᠱᠠᠩᠨᠠᠯ᠎ᠠ᠃

    ᠮᠣᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠤᠯᠠᠨ ᠨᠡᠶᠢᠲᠠ ᠶᠢᠨ ᠬᠠᠷᠢᠯᠴᠠᠭᠠᠨ ᠤ ᠪᠤᠳᠤᠯᠭ᠎ᠠ ᠶᠢᠨ ᠵᠦᠪᠯᠡᠬᠦ ᠭᠠᠩᠪᠠᠭᠠᠲᠤᠷ᠂ ᠳᠤᠮᠳᠠᠳᠤ ᠤᠯᠤᠰ ᠤᠨ ᠠᠪᠤᠷᠭᠤ ᠪᠦᠬᠡ ᠪᠠᠶᠠᠷᠪᠠᠭᠠᠲᠤᠷ ᠪᠤᠯ ᠨᠢᠬᠡᠨ ᠭᠠᠷᠮᠠᠭᠠᠢ ᠲᠠᠮᠢᠷᠴᠢᠨ ᠮᠦᠨ᠂ ᠲᠡᠷᠡᠪᠡᠷ ᠳᠤᠮᠳᠠᠳᠤ ᠮᠣᠩᠭ᠋ᠤᠯ ᠬᠤᠶᠠᠷ ᠤᠯᠤᠰ ᠤᠨ ᠪᠦᠬᠡ ᠶᠢᠨ ᠲᠡᠮᠡᠴᠡᠬᠡᠨ ᠤ ᠰᠣᠯᠢᠯᠴᠠᠭ᠎ᠠ ᠵᠢᠴᠢ ᠲᠤᠰ ᠲᠠᠮᠢᠷ ᠤᠨ ᠬᠦᠳᠡᠯᠬᠡᠬᠡᠨ ᠤ ᠬᠦᠭ᠍ᠵᠢᠯ ᠴᠡᠴᠡᠭᠯᠡᠯ ᠳᠤ ᠴᠢᠬᠤᠯᠠ ᠬᠤᠪᠢ ᠨᠡᠮᠡᠷᠢ ᠦᠵᠡᠭᠦᠯᠤᠭ᠍ᠰᠠᠨ ᠶᠤᠮ ᠬᠡᠵᠤ ᠢᠯᠡᠷᠬᠡᠶᠢᠯᠡᠪᠡ᠃

    ᠮᠣᠩ᠋ᠭᠤᠯ ᠤᠯᠤᠰ ᠤᠨ ᠠᠯᠲᠠᠨ ᠭᠠᠳᠠᠰᠤ ᠤᠳᠤᠨ ᠱᠠᠩᠨᠠᠯ ᠢ 1936 ᠤᠨ ᠡᠴᠡ ᠡᠬᠢᠯᠡᠨ ᠪᠠᠶᠢᠭᠤᠯᠵᠤ᠂ ᠭᠤᠤᠯᠳᠠᠭᠤ ᠡᠯ᠎ᠠ ᠠᠵᠢᠯ ᠲᠦᠷᠦᠯ ᠤᠨ ᠳᠤᠮᠳᠠ ᠭᠠᠷᠮᠠᠭᠠᠢ ᠬᠤᠪᠢ ᠨᠡᠮᠡᠷᠢ ᠦᠵᠡᠭᠦᠯᠦᠭᠰᠠᠨ ᠮᠤᠩ᠋ᠭᠤᠯ ᠤᠯᠤᠰ ᠤᠨ ᠢᠷᠭᠡᠨ ᠪᠠ  ᠭᠠᠳᠠᠭᠠᠲᠤ ᠶᠢᠨ ᠬᠦᠮᠦᠰ ᠲᠤ ᠱᠠᠩᠨᠠᠳᠠᠭ᠃ ᠲᠤᠰ ᠱᠠᠩᠨᠠᠯ ᠨᠢ ᠮᠣᠩ᠋ᠭᠤᠯ ᠤᠯᠤᠰ ᠤᠨ ᠱᠠᠩᠨᠠᠯ ᠤᠨ ᠤᠳᠤᠨ ᠪᠠ ᠮᠧᠳᠠᠯ ᠤᠨ ᠳᠤᠮᠳᠠ ᠨᠡᠯᠢᠶᠡᠳ ᠦᠨᠳᠦᠷ ᠵᠡᠷᠭᠡᠯᠡᠯ ᠲᠠᠢ ᠱᠠᠩᠨᠠᠯ ᠪᠤᠯᠤᠨ᠎ᠠ᠃

    ᠤᠶᠢᠯᠡᠭᠠᠭᠰᠠᠨ ᠢᠶᠡᠷ᠂ ᠠᠪᠤᠷᠭᠤ ᠪᠦᠬᠡ ᠪᠠᠶᠠᠷᠪᠠᠭᠠᠲᠤᠷ 400 ᠭᠠᠷᠤᠢ ᠤᠳᠠᠭᠠᠨ ᠤ ᠶᠡᠬᠡ ᠪᠠᠭ᠎ᠠ ᠪᠦᠬᠡ ᠶᠢᠨ ᠲᠡᠮᠡᠴᠡᠬᠡᠨ ᠳᠤ ᠮᠠᠩᠯᠠᠶᠢᠯᠠᠵᠤ ᠦᠩᠭᠡᠷᠡᠭᠰᠡᠨ ᠪᠦᠬᠡᠳ ᠳᠤᠮᠳᠠᠳᠤ ᠮᠠᠶ᠊ᠢᠭ  ᠤᠨ ᠪᠦᠬᠡ ᠳᠤ ᠴᠤ ᠭᠠᠷᠮᠠᠭᠠᠢ ᠪᠠᠶᠢᠳᠠᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121278856