蒙古文网站Logo
ᠰᠢᠨᠬᠤᠸᠠ ᠮᠤᠩᠭ᠋ᠤᠯ ᠨᠧᠲ

ᠳᠦᠷᠪᠡᠳᠦᠭᠡᠷ ᠬᠤᠭᠤᠴᠠᠭᠠᠨ ᠤ ᠦᠪᠦᠷ ᠮᠣᠩᠭᠣᠯ ᠤᠨ( ᠤᠯᠠᠨ ᠤᠯᠤᠰ ᠤᠨ) ᠮᠤᠷᠢᠨ ᠮᠡᠷᠭᠡᠵᠢᠯ ᠤᠨ ᠨᠠᠶᠢᠷ ᠡᠬᠢᠯᠡᠪᠡ

2017-07-07 17:20

    7 ᠰᠠᠷ᠎ᠠ ᠶᠢᠨ 6 ᠤ ᠦᠳᠡ ᠶᠢᠨ ᠡᠮᠦᠨ᠎ᠠ᠂ ᠳᠦᠷᠪᠡᠳᠦᠭᠡᠷ ᠬᠤᠭᠤᠴᠠᠭᠠᠨ ᠤ ᠦᠪᠦᠷ ᠮᠣᠩᠭᠣᠯ ᠤᠨ(ᠤᠯᠠᠨ ᠤᠯᠤᠰ ᠤᠨ) ᠮᠤᠷᠢᠨ ᠮᠡᠷᠭᠡᠵᠢᠯ ᠤᠨ ᠨᠠᠶᠢᠷ ᠵᠢᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 《ᠨᠢᠭᠡ ᠪᠦᠰᠡ ᠨᠢᠭᠡ ᠵᠠᠮ》 ᠤᠯᠠᠨ ᠤᠯᠤᠰ ᠤᠨ ᠤᠨᠤᠭᠠᠴᠢᠳ ᠤᠨ ᠤᠷᠢᠯᠭ᠎ᠠ ᠶᠢᠨ ᠤᠷᠤᠯᠳᠤᠭᠠᠨ ᠦᠪᠦᠷ ᠮᠣᠩᠭᠣᠯ ᠤᠨ ᠬᠢᠩᠭ᠋ᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠬᠢᠯᠠᠪᠠ᠃

    ᠲᠤᠰ ᠤᠳᠠᠭᠠᠨ ᠤ ᠮᠤᠷᠢᠨ ᠮᠡᠷᠭᠡᠵᠢᠯ ᠤᠨ ᠤᠷᠤᠯᠳᠤᠭᠠᠨ ᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠠᠶ᠎ᠠ ᠶᠢᠨ ᠲᠠᠮᠢᠷ ᠤᠨ ᠲᠤᠪᠴᠢᠶ᠎ᠠ ᠡᠴᠡ ᠰᠠᠨᠠᠭᠠᠴᠢᠯᠠᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠠᠷᠪᠤᠯᠲᠠ᠂ ᠮᠤᠷᠢᠨ ᠮᠡᠷᠭᠡᠵᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠲᠦᠪ᠂ ᠦᠪᠦᠷ ᠮᠣᠩᠭᠣᠯ ᠤᠨ ᠮᠤᠷᠢᠨ ᠤᠷᠤᠯᠳᠤᠭᠠᠨ ᠤ ᠲᠠᠯᠠᠪᠤᠷ᠂ ᠦᠪᠦᠷ ᠮᠣᠩᠭᠣᠯ ᠤᠨ ᠮᠤᠷᠢᠨ ᠮᠡᠷᠭᠡᠵᠢᠯ ᠤᠨ ᠨᠡᠶᠢᠭᠡᠮᠯᠢᠭ᠌᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠰᠤᠭᠤᠯᠤᠭ᠎ᠠ ᠶᠢᠨ ᠬᠠᠮᠢᠶᠠᠷᠤᠯᠲᠠ ᠶᠢᠨ ᠲᠦᠪ ᠡᠴᠡ ᠵᠤᠬᠢᠶᠠᠨ ᠪᠠᠶᠢᠭᠤᠯᠵᠠᠢ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠠᠷᠪᠠᠨ ᠬᠤᠶᠠᠷ ᠴᠢᠬᠤᠯᠠ ᠪᠠᠶ᠎ᠠ ᠶᠢᠨ ᠲᠠᠮᠢᠷ ᠤᠨ ᠠᠵᠢᠯᠯᠠᠭᠠᠨ ᠤ ᠨᠢᠭᠡ ᠪᠤᠯᠤᠭᠰᠠᠨ ᠦᠪᠦᠷ ᠮᠣᠩᠭᠣᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠨᠢ《ᠪᠠᠶᠠᠷ ᠪᠠᠶᠠᠰᠬᠤᠯᠠᠩᠲᠤ ·ᠤᠯᠠᠮᠵᠢᠯᠠᠨ ᠵᠠᠯᠭᠠᠮᠵᠢᠯᠠᠯ》 ᠢ᠋ᠶ᠋ᠡᠷ ᠭᠤᠤᠯ ᠰᠡᠳᠦᠪ ᠢᠶᠡᠨ ᠪᠤᠯᠭᠠᠵᠠᠢ᠃ ᠤᠷᠤᠯᠳᠤᠭᠠᠨ ᠳᠤ ᠪᠠᠶᠠᠯᠢᠭ ᠠᠭᠤᠯᠭ᠎ᠠ ᠪᠦᠬᠦᠢ ᠴᠤᠪᠤᠷᠠᠯ ᠠᠵᠢᠯᠯᠠᠭ᠎᠎ᠠ ᠶᠠᠪᠤᠭᠳᠠᠭᠤᠯᠬᠤ ᠪᠡᠷ ᠳᠠᠮᠵᠢᠨ ᠦᠪᠦᠷ ᠮᠣᠩᠭᠣᠯ ᠤᠨ ᠳᠤᠲᠤᠭᠠᠲᠤ ᠭᠠᠳᠠᠭᠠᠲᠤ ᠳᠤ ᠪᠡᠨ ᠠᠯᠳᠠᠷᠰᠢᠭᠰᠠᠨ ᠮᠤᠷᠢᠨ ᠰᠤᠶᠤᠯ᠂ ᠮᠤᠷᠢᠨ ᠤᠷᠠᠯᠢᠭ᠂ ᠮᠤᠷᠢᠨ ᠮᠡᠷᠭᠡᠵᠢᠯ ᠢ ᠳᠡᠯᠡᠬᠡᠢ ᠶᠢᠨ ᠡᠯ᠎ᠠ ᠪᠦᠰᠡ ᠨᠤᠲᠤᠭ ᠲᠤ ᠬᠦᠷᠭᠡᠨ᠎ᠠ᠃ ᠤᠯᠠᠨ ᠤᠯᠤᠰ ᠤᠨ ᠤᠨᠤᠭᠠᠴᠢᠳ ᠬᠦᠷᠦᠯᠴᠠᠨ ᠢᠷᠡᠵᠤ ᠤᠷᠤᠯᠳᠤᠭᠠᠨ ᠳᠤ ᠤᠷᠤᠯᠴᠠᠪᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121283231