蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠠᠩᠬᠠᠳᠠᠭᠴᠢ ᠬᠤᠭᠤᠴᠠᠭᠠᠨ ᠤ ᠡᠮᠡᠭᠲᠠᠢ ᠶᠢᠨ ᠮᠠᠰᠢᠨ ᠲᠡᠷᠭᠡᠨ ᠤ ᠲᠤᠯᠤᠭᠠᠶᠢᠯᠠᠭᠴᠢ ᠦᠷᠢᠰᠦᠯᠳᠦᠬᠦ ᠤᠷᠤᠯᠳᠤᠭᠠᠨ ᠡᠬᠢᠯᠡᠪᠡ

2017-07-14 16:13

    ᠰᠢᠨᠬᠤᠸᠠ ᠬᠤᠷᠢᠶ᠎ᠠ  ᠬᠦᠬᠡᠬᠤᠲᠠ ᠶᠢᠨ 7 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠯᠢ ᠶᠦᠨ ᠫᠢᠩ) 3 ᠡᠳᠦᠷ ᠤᠨ ᠬᠤᠭᠤᠴᠠᠭ᠎ᠠ ᠲᠠᠢ ᠤᠯᠤᠰ ᠳᠠᠶᠠᠭᠠᠷ ᠤᠨ ᠠᠩᠬᠠᠳᠠᠭᠴᠢ ᠬᠤᠭᠤᠴᠠᠭᠠᠨ ᠤ ᠡᠮᠡᠭᠲᠠᠢ ᠶᠢᠨ ᠮᠠᠰᠢᠨ ᠲᠡᠷᠭᠡᠨ ᠤ ᠲᠤᠯᠤᠭᠠᠶᠢᠯᠠᠭᠴᠢ ᠦᠷᠢᠰᠦᠯᠳᠦᠬᠦ ᠤᠷᠤᠯᠳᠤᠭᠠᠨ 13 ᠤ ᠡᠳᠦᠷ ᠦᠪᠦᠷ ᠮᠣᠩᠭᠣᠯ ᠤᠨ ᠤᠷᠠᠳ ᠤᠨ ᠬᠤᠶᠢᠲᠤ ᠬᠤᠰᠢᠭᠤᠨ ᠳᠤ ᠡᠬᠢᠯᠡᠪᠡ᠂ ᠤᠯᠤᠰ ᠳᠠᠶᠠᠭᠠᠷ ᠤᠨ ᠡᠯ᠎᠎ᠠ ᠪᠦᠰᠡ ᠨᠤᠲᠤᠭ ᠤᠨ ᠤᠷᠤᠶᠢᠯᠠᠭᠰᠠᠨ ᠡᠮᠡᠭᠳᠡᠢ ᠤᠷᠤᠯᠳᠤᠭᠴᠢᠳ ᠭᠤᠪᠢ᠂ ᠡᠯᠡᠰᠤ ᠮᠠᠩᠬᠠᠨ ᠳ᠋ᠦ ᠮᠦᠷᠦᠶᠢᠴᠠᠨ᠎ᠠ᠃

    ᠲᠤᠬᠠᠢ ᠶᠢᠨ ᠡᠳᠦᠷ᠂ ᠭᠤᠸᠠᠩᠳ᠋ᠦ᠋ᠩ᠂ ᠾᠸᠪᠸᠢ᠂ ᠹᠦᠵᠢᠶᠠᠨ᠂ ᠵᠢᠶᠠᠩᠰᠤ᠂ ᠯᠢᠶᠤᠤᠨᠢᠩ ᠵᠡᠷᠭᠡ ᠪᠦᠰᠡ ᠨᠤᠲᠤᠭ ᠡᠴᠡ ᠬᠦᠷᠦᠯᠴᠡᠨ ᠢᠷᠡᠭᠰᠡᠨ ᠤᠷᠤᠯᠳᠤᠭᠴᠢᠳ ᠪᠤᠯᠤᠨ ᠮᠠᠰᠢᠨ ᠲᠡᠷᠭᠡᠨ ᠤ ᠤᠷᠤᠯᠳᠤᠭᠠᠨ ᠳᠤ ᠲᠤᠷ᠎ᠠ ᠪᠠᠬᠠᠲᠠᠢ ᠬᠦᠮᠦᠰ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠳᠤ ᠴᠤᠭᠯᠠᠷᠠᠪᠠ᠃ ᠦᠪᠴᠢ ᠬᠤᠶᠠᠬᠯᠠᠬᠰᠠᠨ ᠤᠷᠤᠯᠳᠤᠭᠴᠢᠳ ᠠᠵᠢᠯᠲᠠᠨ ᠤ ᠵᠠᠮᠴᠢᠯᠠᠯ ᠳᠤᠤᠷ᠎ᠠ ᠤᠷᠤᠯᠳᠤᠭᠠᠨ ᠤ ᠮᠠᠰᠢᠨ ᠢᠶᠡᠨ ᠵᠢᠯᠤᠭᠤᠳᠤᠨ ᠡᠬᠢᠯᠡᠯᠲᠡ ᠶᠢᠨ ᠴᠡᠭ᠌ ᠲᠤ ᠬᠦᠷᠪᠠ᠃

    ᠲᠤᠰ ᠤᠷᠤᠯᠳᠤᠭᠠᠨ ᠤ ᠪᠦᠬᠦ ᠤᠷᠳᠤ ᠨᠢ 500 ᠺᠢᠯᠦᠮᠸᠲ᠋ᠷ᠂ ᠡᠭᠦᠨ ᠳᠤ 370 ᠺᠢᠯᠦᠮᠸᠲ᠋ᠷ ᠤᠨᠴᠠᠭᠠᠢ ᠤᠷᠤᠯᠳᠤᠭᠠᠨ ᠤ ᠵᠠᠮ ᠲᠠᠢ᠂ ᠤᠷᠤᠯᠳᠤᠭᠠᠨ ᠤ ᠵᠠᠮ ᠨᠢ ᠪᠤᠳᠤᠯᠢᠶᠠᠨ ᠲᠦᠪᠡᠭ᠍ᠲᠠᠢ᠂ ᠡᠯᠡᠰᠦᠨ ᠴᠦᠯ᠂ ᠭᠤᠪᠢ᠂ ᠤᠰᠤᠨ ᠵᠠᠮ ᠭᠤᠤᠯᠳᠠᠭᠤ᠃ ᠾᠸᠪᠸᠢ ᠮᠤᠵᠢ ᠶᠢᠨFB ᠲᠡᠷᠭᠡᠨ ᠪᠠᠭ ᠤᠨ ᠤᠷᠤᠯᠳᠤᠭᠴᠢ ᠵᠦ ᠱᠤᠤ ᠶᠠᠨ᠄《 ᠤᠨᠴᠠᠭᠠᠢ ᠤᠷᠤᠯᠳᠤᠭᠠᠨ ᠤ ᠵᠠᠮ ᠮᠠᠰᠢ ᠰᠠᠲᠤᠯᠲᠠ ᠲᠠᠢ᠂ ᠤᠷᠤᠯᠳᠤᠭᠴᠢᠳ ᠤᠨ ᠵᠢᠯᠤᠭᠤᠳᠬᠤ ᠮᠡᠷᠭᠡᠵᠢᠯ ᠢ ᠭᠦᠢᠴᠡᠳ ᠰᠢᠯᠭᠠᠵᠤ ᠴᠢᠳᠠᠨ᠎ᠠ᠃ ᠵᠠᠮ ᠳᠠᠭᠠᠤ ᠶᠢᠨ ᠦᠵᠡᠮᠵᠢ ᠮᠠᠰᠢ ᠰᠠᠶᠢᠬᠠᠨ ᠪᠠᠶᠢᠯ᠎ᠠ᠂ ᠬᠡᠭᠡᠷᠯᠡᠨ ᠤᠷᠤᠯᠳᠤᠬᠤ ᠶᠢᠨ ᠪᠠᠶᠠᠷ ᠪᠠᠬᠠᠳᠤᠯ ᠢ ᠮᠡᠳᠡᠷᠡᠯ᠎ᠠ᠂ ᠦᠨᠳᠦᠷ ᠠᠮᠵᠢᠯᠲᠠ ᠤᠯᠬᠤ ᠶᠢ ᠬᠦᠰᠡᠵᠤ ᠪᠠᠶᠢᠨ᠎ᠠ》 ᠭᠡᠯ᠎ᠠ᠃

    ᠤᠷᠤᠯᠳᠤᠭᠠᠨ ᠡᠴᠡ ᠭᠠᠳᠠᠨ᠎ᠠ᠂ ᠤᠷᠤᠯᠳᠤᠭᠴᠢᠳ ᠪᠠᠶᠠᠡᠡᠦ᠋ᠨᠳᠦᠷ ᠡᠯᠡᠰᠦᠨ ᠴᠦᠯ᠂ ᠠᠪᠤᠷᠭᠤ ᠭᠦᠷᠪᠡᠯ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠤᠷᠤᠨ᠂ ᠬᠠᠨ ᠤᠯᠤᠰ ᠤᠨ ᠤᠷᠳᠤ ᠴᠠᠭᠠᠨ ᠬᠡᠷᠡᠮ᠂ ᠱᠠᠩᠲᠠ ᠰᠦᠮ᠎ᠠ ᠵᠡᠷᠭᠡ ᠬᠠᠴᠢᠨ ᠭᠠᠶᠢᠬᠠᠮᠰᠢᠭᠲᠠᠢ ᠪᠠᠶᠢᠭᠠᠯᠢ ᠶᠢᠨ ᠦᠵᠡᠮᠵᠢ ᠶᠢ ᠰᠤᠨᠢᠷᠬᠠᠬᠤ ᠪᠡᠷ ᠪᠠᠷᠠᠬᠤ ᠦᠭᠡᠢ ᠭᠤᠪᠢ᠂ ᠡᠯᠡᠰᠦᠨ ᠴᠦᠯ ᠤᠨ ᠦᠷᠦᠴᠡᠨ ᠳᠤ ᠮᠣᠩᠭᠣᠯ ᠦᠨᠳᠦᠰᠦᠲᠡᠨ ᠤ ᠢᠵᠡᠭᠤᠷ ᠳᠠᠭᠤᠤ ᠬᠦᠭ᠍ᠵᠢᠮ ᠢ ᠤᠯᠵᠤ ᠰᠤᠨᠤᠰᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121321161