蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠡᠷᠡᠭᠲᠡᠢ ᠶᠢᠨ ᠬᠦᠯ ᠪᠦᠮᠪᠦᠭᠡ ᠶᠢᠨ ᠪᠠᠭ ᠤᠯᠤᠰ ᠲᠠᠶᠠᠭᠠᠷ ᠤᠨ ᠤᠶᠤᠲᠠᠳ ᠤᠨ ᠬᠦᠯ ᠪᠦᠮᠪᠦᠭᠡ ᠶᠢᠨ ᠲᠡᠮᠡᠴᠡᠭᠡᠨ ᠳ᠋ᠤ ᠰᠢᠯᠢᠲᠡᠭ ᠬᠢᠷᠢ ᠪᠦᠲᠦᠮᠵᠢ ᠤᠯᠪᠠ

2017-07-19 21:48

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 7 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ᠂ ᠬᠡᠦᠬᠡᠨᠰᠤᠯᠢ ) ᠬᠠᠷᠪᠢᠨ ᠬᠤᠲᠠ ᠳ᠋ᠤ ᠰᠠᠶ᠊ᠢᠬᠠᠨ ᠦᠨᠲᠦᠷᠯᠡᠭᠰᠡᠨ ᠤᠯᠤᠰ ᠲᠠᠶᠠᠭᠠᠷ ᠤᠨ ᠤᠶᠤᠲᠠᠳ ᠤᠨ ᠬᠦᠯ ᠪᠦᠮᠪᠦᠭᠡ ᠶᠢᠨ ᠲᠡᠮᠡᠴᠡᠭᠡᠨ ᠤ ᠰᠤᠷᠭᠠᠭᠤᠯᠢ ᠶᠢᠨ ᠬᠦᠷᠢᠶᠠᠨ ᠤ ᠪᠠᠭ ᠤᠨ ᠲᠡᠮᠡᠴᠡᠭᠡᠨ ᠳ᠋ᠤ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠡᠷᠡᠭᠲᠡᠢ ᠶᠢᠨ ᠬᠦᠯ ᠪᠦᠮᠪᠦᠭᠡ ᠶᠢᠨ ᠪᠠᠭ ᠨᠢ ᠲᠠᠪᠤᠲᠤᠭᠠᠷ ᠪᠠᠶᠢᠷᠢ ᠳ᠋ᠤ ᠤᠷᠤᠭᠰᠠᠨ ᠰᠢᠯᠢᠲᠡᠭ ᠬᠢᠷᠢ ᠪᠦᠲᠦᠮᠵᠢ ᠶᠢᠨ ᠰᠢᠭᠤᠷᠬᠠᠢ ᠮᠡᠲᠡᠭᠡᠯᠡᠯ ᠢ ᠲᠠ ᠪᠦᠬᠦᠨ ᠳ᠋ᠡᠭᠡᠨ ᠲᠤᠭᠤᠯᠭᠠᠵᠤ ᠪᠠᠶᠢᠨ᠎ᠠ᠃

    ᠤᠷᠤᠯᠲᠤᠭᠠᠨ ᠤ ᠲᠤᠬᠠᠢ ᠮᠠᠨ ᠤ ᠨᠧᠲ ᠤᠨ ᠬᠢᠨ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠡᠷᠡᠭᠲᠡᠢ ᠶᠢᠨ ᠬᠦᠯ ᠪᠦᠮᠪᠦᠭᠡ ᠶᠢᠨ ᠪᠠᠭ ᠤᠨ ᠲᠠᠰᠬᠠᠯᠵᠢᠭᠤᠯᠤᠭᠴᠢ ᠨᠠᠨᠳᠢᠨᠪᠤᠯᠠᠭ ᠢ ᠰᠤᠷᠪᠤᠯᠵᠢᠯᠠᠬᠤ ᠳ᠋ᠤ ᠲᠡᠷᠡᠪᠡᠷ ᠬᠡᠦᠬᠡᠳ ᠤᠳ ᠮᠠᠨᠢ ᠠᠭᠤᠷ ᠠᠮᠢᠰᠬᠤᠯ ᠪᠦᠭ᠍ᠴᠢᠮ ᠬᠠᠯᠠᠭᠤᠨ ᠪᠠᠶᠢᠭᠰᠠᠨ  ᠡᠯ᠎ᠡ ᠵᠦᠢᠯ ᠤᠨ ᠠᠰᠢᠭ ᠦᠭᠡᠢ ᠨᠦᠬᠦᠴᠡᠯ ᠢ ᠲᠡᠰᠪᠦᠷᠢᠯᠡᠨ ᠶᠡᠬᠡ ᠴᠢᠷᠮᠠᠶᠢᠯᠲᠠ ᠲᠠᠢ ᠤᠷᠤᠯᠲᠤᠭᠠᠳ ᠠᠮᠵᠢᠯᠲᠠ ᠤᠯᠤᠭᠰᠠᠨ ᠭᠡᠵᠡᠢ᠃

    ᠤᠶᠢᠯᠠᠭᠠᠭᠰᠠᠨ ᠢᠶᠡᠷ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠡᠷᠡᠭᠲᠡᠢ ᠶᠢᠨ ᠬᠦᠯ ᠪᠦᠮᠪᠦᠭᠡ ᠶᠢᠨ ᠪᠠᠭ ᠨᠢ 1998 ᠤᠨ ᠳ᠋ᠤ ᠪᠠᠶᠢᠭᠤᠯᠤᠭᠲᠠᠵᠠᠢ᠃. ᠭᠡᠰᠢᠭᠦᠳ ᠤᠨ ᠬᠤᠪᠢ ᠳ᠋ᠤ 20  ᠡᠴᠡ 25 ᠰᠤᠷᠤᠭᠴᠢ ᠪᠡᠷ ᠪᠦᠷᠢᠯᠲᠦᠵᠦ᠂ ᠲᠡᠲᠡᠨᠡᠷ ᠢ 22 ᠨᠠᠰᠤ ᠬᠦᠷᠦᠭᠡᠲᠦᠢ ᠨᠢᠭᠡᠲᠦᠭᠡᠷ ᠤᠨ ᠤ ᠤᠶᠤᠲᠠᠳ ᠤᠨ ᠲᠤᠮᠲᠠ ᠡᠴᠡ ᠮᠡᠷᠭᠡᠵᠢᠯ ᠪᠤᠯᠪᠠᠰᠤᠷᠠᠯ ᠤᠨ ᠬᠢᠨᠢ ᠬᠢᠷᠢ ᠬᠡᠮᠵᠢᠶ᠎ᠠ ᠶᠢ ᠦᠨᠳᠦᠰᠦᠯᠡᠨ ᠰᠤᠩᠭ᠋ᠤᠵᠤ ᠪᠠᠶᠢᠲᠠᠭ᠃ ᠤᠲᠤᠬᠠᠨ ᠳ᠋ᠤ ᠪᠠᠭ ᠤᠨ ᠭᠡᠰᠢᠭᠦᠳ ᠨᠢ ᠴᠦᠮ ᠮᠤᠩᠭ᠋ᠤᠯ ᠰᠤᠷᠤᠭᠴᠢᠳ ᠪᠠᠶᠢᠵᠤ᠂ 2015 ᠤᠨ ᠡᠴᠡ ᠨᠠᠰᠢ ᠵᠢᠯ ᠪᠦᠷᠢ 60 – 70 ᠵᠢᠭᠠᠨ ᠰᠤᠷᠭᠠᠯᠲᠠ ᠶᠢᠨ ᠲᠡᠮᠡᠴᠡᠭᠡᠨ ᠳ᠋ᠤ ᠤᠷᠤᠯᠴᠠᠭᠰᠠᠨ ᠡᠴᠡ ᠭᠠᠲᠠᠨ᠎ᠠ ᠠᠯᠪᠠᠨ ᠶᠤᠰᠤᠨ ᠤ ᠡᠲᠦᠢ ᠲᠡᠲᠦᠢ ᠲᠡᠮᠡᠴᠡᠭᠡᠨ ᠳ᠋ᠤ ᠤᠷᠤᠯᠴᠠᠵᠤ᠂ ᠲᠤᠮᠲᠠ ᠨᠢ 3 ᠤᠲᠠᠭᠠᠨ ᠤ ᠡᠪᠦᠯ ᠤᠨ ᠰᠤᠷᠢᠯᠲᠠ ᠬᠢᠵᠡᠢ᠃ ( ᠵᠢᠷᠤᠭ ᠢ ᠨᠠᠨᠳᠢᠨᠪᠤᠯᠠᠭ ᠬᠠᠩᠭ᠋ᠠᠪᠠ )

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121347455