蒙古文网站Logo
ᠰᠢᠨᠬᠤᠸᠠ ᠮᠤᠩᠭ᠋ᠤᠯ ᠨᠧᠲ

ᠤᠳᠤᠬᠢᠴᠢᠯᠠᠭᠰᠠᠨ ᠠᠮᠢᠳᠤᠷᠠᠯ ᠳᠤ ᠠᠭᠤᠰᠤᠭᠰᠠᠨ ᠮᠤᠩᠭᠤᠯ ᠨᠠᠭᠠᠳᠤᠮ

2017-07-24 18:01

7 ᠰᠠᠷ᠎ᠠ ᠶᠢᠨ 22 ᠤᠨ ᠡᠳᠦᠷ᠂ ᠬᠠᠳᠠᠭ ᠪᠠᠷᠢᠵᠤ ᠵᠤᠴᠢᠨ ᠤᠭᠳᠤᠭᠰᠠᠨ ᠮᠤᠩᠭᠤᠯ ᠦᠬᠢᠳ ᠨᠠᠭᠠᠳᠤᠮ ᠤᠨ ᠶᠡᠬᠡ ᠬᠤᠷᠠᠯ ᠤᠨ ᠨᠡᠬᠡᠬᠡᠯᠳᠡ ᠪᠡᠷ (ᠵᠢᠷᠤᠭ ᠢ ᠰᠢᠨᠬᠤᠧᠠ ᠬᠤᠷᠢᠶᠠᠨ ᠤ ᠰᠤᠷᠪᠤᠯᠵᠢᠯᠠᠭᠴᠢ ᠷᠧᠨ ᠵᠢᠶᠦ᠋ᠨ ᠴᠤᠧᠠᠨ)

    ᠳᠤᠬᠠᠢ ᠶᠢᠨ ᠡᠳᠦᠷ᠂ ᠦᠪᠦᠷ ᠮᠤᠩᠭᠤᠯ ᠤᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠤᠷᠢᠨ ᠨᠠᠶ᠋ᠮᠠᠳᠤᠭᠠᠷ ᠬᠤᠭᠤᠴᠠᠭᠠᠨ ᠤ ᠶᠡᠬᠡ ᠨᠠᠭᠠᠳᠤᠮ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠤ ᠦᠢᠯᠡᠰ ᠤᠨ ᠬᠦᠷᠢᠶᠡᠯᠡᠩ ᠳᠤ ᠵᠤᠬᠢᠶᠠᠨ ᠪᠠᠶᠢᠭᠤᠯᠤᠭᠳᠠᠯ᠎ᠠ᠃ ᠡᠨᠡᠬᠦ ᠨᠠᠭᠠᠳᠤᠮ ᠢᠶᠡᠷ ᠮᠤᠷᠢᠨ ᠤᠷᠤᠯᠳᠤᠭᠠᠨ᠂ ᠳᠡᠮᠡᠬᠡᠨ ᠤᠷᠤᠯᠳᠤᠭᠠᠨ᠂ ᠪᠦᠬᠡ ᠶᠢᠨ ᠪᠠᠷᠢᠯᠳᠤᠭᠠᠨ᠂ ᠰᠤᠷ ᠬᠠᠷᠪᠤᠯᠳᠠ ᠵᠡᠷᠬᠡ ᠤᠯᠠᠮᠵᠢᠯᠠᠯᠳᠤ ᠤᠷᠤᠯᠳᠤᠭᠠᠨ ᠳᠡᠮᠡᠴᠡᠬᠡᠨ ᠨᠤᠬᠦᠳ ᠵᠤᠬᠢᠶᠠᠨ ᠪᠠᠶᠢᠭᠤᠯᠤᠭᠳᠠᠵᠤ 24 ᠤ ᠡᠳᠦᠷ ᠪᠤᠯᠳᠠᠯ᠎ᠠ ᠦᠷᠬᠦᠯᠵᠢᠯᠡᠪᠡ᠃

    ᠵᠢᠯ ᠪᠦᠷᠢ ᠶᠢᠨ ᠳᠤᠯᠤᠭ᠎ᠠ ᠨᠠᠶ᠋ᠮᠠᠨ ᠰᠠᠷ᠎ᠠ ᠶᠢᠨ ᠳᠠᠩᠰᠤᠭ ᠤᠯᠠᠷᠢᠯ ᠢᠶᠡᠷ ᠳᠠᠯ᠎ᠠ ᠨᠤᠳᠤᠭ ᠲᠤ ᠤᠯᠠᠨ ᠰᠠᠶᠢᠬᠠᠨ ᠮᠤᠩᠭᠤᠯ ᠨᠠᠭᠠᠳᠤᠮ ᠵᠤᠬᠢᠶᠠᠨ ᠪᠠᠶᠢᠭᠤᠯᠤᠭᠳᠠᠵᠤ ᠰᠤᠶᠤᠯ᠂ ᠪᠡᠶ᠎ᠡ ᠶᠢᠨ ᠳᠠᠮᠢᠷ᠂ ᠤᠷᠠᠨ ᠰᠠᠶᠢᠬᠠᠨ ᠤ ᠦᠪᠡᠳᠡᠭᠰᠢ ᠳᠠᠶᠢᠯᠠᠯᠭ᠎ᠠ ᠪᠤᠯᠳᠠᠭ ᠰᠠᠨ᠃ ᠤᠨ ᠴᠠᠭ ᠤᠷᠴᠢᠯᠳᠤᠬᠤ ᠶᠢ ᠳᠠᠭᠠᠯᠳᠤᠨ ᠦᠨᠢ ᠡᠷᠳᠡᠨ ᠤ ᠮᠤᠩᠭᠤᠯ ᠨᠠᠭᠠᠳᠤᠮ ᠤᠯᠠᠮᠵᠢᠯᠠᠯ ᠢᠶᠠᠨ ᠪᠠᠳᠠᠷᠠᠭᠤᠯᠤᠨ ᠦᠷᠨᠢᠨ ᠬᠦᠭᠵᠢᠬᠦ ᠳᠤᠮᠳᠠ ᠪᠡᠨ ᠤᠳᠤᠬᠢᠴᠢᠯᠠᠭᠰᠠᠨ ᠡᠯᠧᠮᠧᠨ᠋ᠲ ᠶᠢ ᠳᠠᠰᠤᠷᠠᠯᠳᠠ ᠦᠬᠡᠢ ᠠᠭᠤᠰᠬᠠᠭᠰᠠᠨ ᠢᠶᠡᠷ᠂ ᠤᠳᠤ ᠨᠢᠬᠡᠨᠳᠡ ᠳᠠᠯ᠎ᠠ ᠨᠤᠳᠤᠭ ᠤᠨ ᠢᠷᠬᠡᠳ ᠤᠨ ᠦᠨᠳᠦᠰᠦᠳᠡᠨ ᠤ ᠰᠤᠶᠤᠯ ᠢᠶᠡᠨ ᠳᠡᠯᠬᠡᠵᠤ᠂ ᠳᠤᠳᠤᠨ᠎ᠠ ᠭᠠᠳᠠᠨᠠᠬᠢ ᠶᠢᠨ ᠵᠢᠭᠤᠯᠴᠢᠳ ᠢ ᠳᠠᠳᠠᠬᠤ ᠴᠢᠬᠤᠯᠠ ᠳᠠᠪᠴᠠᠩ ᠪᠤᠯᠤᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121372254