蒙古文网站Logo
ᠰᠢᠨᠬᠤᠸᠠ ᠮᠤᠩᠭ᠋ᠤᠯ ᠨᠧᠲ

ᠠᠷᠪᠠᠨ ᠲᠠᠪᠤᠲᠠᠢ ᠠᠶᠠᠰ ᠥᠬᠢᠨ ᠤᠯᠤᠰ ᠳᠠᠶᠠᠭᠠᠷ ᠤᠨ ᠪᠠᠭᠠᠴᠤᠳ ᠤᠨ ᠡᠮᠡᠭᠲᠠᠢ ᠶᠢᠨ ᠪᠤᠺᠰ ᠤᠨ ᠲᠡᠮᠡᠴᠡᠭᠡᠨ ᠳᠤ ᠮᠠᠩᠯᠠᠶᠢᠯᠠᠪᠠ

2017-07-28 11:08

    7 ᠰᠠᠷ᠎ᠠ ᠶᠢᠨ 27 ᠤ ᠡᠳᠦᠷ᠂ ᠥᠪᠦᠷ ᠮᠣᠩ᠋ᠭᠤᠯ ᠤᠨ 15 ᠨᠠᠰᠤᠲᠠᠢ ᠠᠶᠠᠰ ᠥᠬᠢᠨ 2017 ᠤᠨ ᠤ ᠤᠯᠤᠰ ᠳᠠᠶᠠᠭᠠᠷ ᠤᠨ ᠪᠠᠭᠠᠴᠤᠳ ᠤᠨ ᠡᠮᠡᠭᠲᠠᠢ ᠶᠢᠨ ᠪᠤᠺᠰ ᠤᠨ ᠮᠠᠩᠯᠠᠢ ᠰᠢᠯᠭᠠᠷᠠᠭᠤᠯᠬᠤ ᠲᠡᠮᠡᠴᠡᠭᠡᠨ ᠤ 52 ᠺᠢᠯᠤᠭ᠍ᠷᠠᠮ ᠬᠦᠨᠳᠤ ᠶᠢᠨ ᠵᠢᠩ ᠤᠨ ᠲᠡᠮᠡᠴᠡᠭᠡᠨ ᠳᠤ ᠮᠠᠩᠯᠠᠶᠢᠯᠠᠪᠠ᠃

    ᠤᠶᠢᠯᠠᠭᠠᠬᠰᠠᠨ ᠢᠶᠡᠷ᠂ ᠠᠶᠠᠰ ᠥᠬᠢᠨ ᠤᠯᠠᠭᠠᠨᠬᠠᠲᠠ ᠬᠤᠲᠠ ᠶᠢᠨ ᠤᠩᠨᠢᠭᠤᠳ ᠬᠤᠰᠢᠭᠤᠨ ᠳᠤ ᠵᠠᠶᠠᠭᠠᠵᠡᠢ᠃ 《ᠡᠶᠢᠮᠦᠷᠬᠦᠦ ᠤᠯᠤᠰ ᠤᠨ ᠵᠡᠷᠭᠡᠯᠡᠯ ᠤᠨ ᠲᠤᠮᠤ ᠲᠡᠮᠡᠴᠡᠭᠡᠨ ᠳᠤ ᠠᠩᠬ᠎ᠠ ᠤᠳᠠᠭ᠎ᠠ ᠤᠷᠤᠯᠴᠠᠵᠤ ᠪᠠᠶᠢᠭ᠎ᠠ ᠠᠶᠠᠰ ᠲᠤ ᠠᠪᠴᠤ ᠭᠡᠯᠡᠪᠡᠯ ᠬᠢᠯᠪᠡᠷ ᠪᠤᠰᠤ ᠶᠤᠮ᠂ ᠬᠤᠶᠠᠷ ᠵᠢᠯ ᠤᠨ ᠪᠡᠯᠡᠳᠭᠡᠯ ᠰᠤᠷᠢᠭ᠎ᠠ ᠬᠢᠭ᠍ᠰᠡᠨ ᠪᠤᠯᠪᠠᠴᠤ ᠠᠯᠲᠠᠨ ᠮᠧᠳᠠᠯ ᠭᠠᠷᠳᠠᠨ᠎ᠠ ᠬᠡᠵᠤ ᠶᠡᠷᠦ ᠡᠴᠡ ᠪᠤᠳᠤᠵᠤ ᠤᠯᠤᠭᠰᠠᠨ ᠦᠬᠡᠢ》ᠬᠡᠵᠤ ᠠᠶᠠᠰ ᠤᠨ ᠳᠠᠰᠬᠠᠯᠵᠢᠭᠤᠯᠤᠭᠴᠢ ᠮᠠᠨᠳᠤᠯᠳᠤ ᠰᠤᠷᠪᠤᠯᠵᠢᠯᠠᠭ᠎ᠠ ᠬᠦᠯᠢᠶᠡᠬᠦ ᠳᠤ ᠪᠡᠨ ᠶᠠᠷᠢᠪᠠ᠃

    ᠲᠤᠰ ᠤᠳᠠᠭᠠᠨ ᠤ ᠲᠡᠮᠡᠴᠡᠭᠡᠨ ᠳᠤ ᠥᠪᠦᠷ ᠮᠣᠩ᠋ᠭᠤᠯ ᠤᠨ ᠲᠦᠯᠦᠭᠡᠯᠡᠭᠴᠢ ᠪᠠᠭ  ᠨᠡᠶᠢᠲᠠ 5 ᠠᠯᠲᠠ᠂ 1 ᠮᠦᠩᠬᠦ᠂ 2 ᠬᠦᠷᠡᠯ ᠮᠧᠳᠠᠯ ᠭᠠᠷᠳᠠᠭᠰᠠᠨ ᠪᠦᠬᠡᠳ ᠮᠠᠨᠳᠤᠯᠳᠤ ᠰᠢᠯᠢᠳᠡᠭ ᠳᠠᠰᠬᠠᠯᠵᠢᠭᠤᠯᠤᠭᠴᠢ ᠪᠡᠷ ᠰᠤᠩ᠋ᠭᠤᠭᠳᠠᠪᠠ᠃

ᠢᠷᠡᠯᠳᠡ᠄ ᠥᠪᠦᠷ ᠮᠣᠩᠭ᠋ᠤᠯ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121394984