蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠰᠫᠤᠷᠲ ᠤᠨ ᠴᠢᠭᠤᠯᠭᠠᠨ ᠤ ᠭᠠᠯ ᠪᠠᠮᠪᠠᠷ ᠳᠠᠮᠵᠢᠭᠤᠯᠬᠤ ᠶᠤᠰᠤᠯᠠᠯ ᠲᠢᠶᠠᠨᠵᠢᠨ ᠳᠤ ᠶᠠᠪᠤᠭᠳᠠᠪᠠ

2017-08-09 11:25

8 ᠰᠠᠷ᠎ᠠ ᠶᠢᠨ 8 ᠤ ᠡᠳᠦᠷ᠂ ᠤᠯᠤᠰ ᠤᠨ ᠪᠡᠶ᠎ᠠ ᠶᠢᠨ ᠲᠠᠮᠢᠷ ᠤᠨ ᠶᠡᠷᠦᠩᠬᠡᠢ ᠲᠤᠪᠴᠢᠶᠠᠨ ᠤ ᠳᠠᠷᠤᠭ᠎ᠠ ᠭᠧᠤ ᠵᠦᠩ ᠸᠸᠨ ᠭᠠᠯ ᠪᠠᠮᠪᠠᠷ ᠢ ᠠᠰᠠᠭᠠᠵᠤ ᠪᠤᠢ

    ᠲᠤᠰ ᠡᠳᠦᠷ᠂ ᠤᠯᠤᠰ ᠳᠠᠶᠠᠭᠠᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠰᠫᠤᠷᠲ ᠤᠨ ᠴᠢᠭᠤᠯᠭᠠᠨ ᠤ ᠭᠠᠯ ᠪᠠᠮᠪᠠᠷ ᠳᠠᠮᠵᠢᠭᠤᠯᠬᠤ ᠶᠤᠰᠤᠯᠠᠯ ᠵᠢᠴᠢ 2017 《ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠡᠳᠦᠷᠯᠢᠭ》 ᠤᠨ ᠠᠵᠢᠯᠯᠠᠭᠠᠨ ᠤ ᠨᠡᠬᠡᠬᠡᠯᠲᠠ ᠶᠢᠨ ᠶᠤᠰᠤᠯᠠᠯ ᠲᠢᠶᠠᠨᠵᠢᠨ ᠳᠤ ᠶᠠᠪᠤᠭᠳᠠᠪᠠ᠃ ᠲᠤᠰ ᠤᠳᠠᠭᠠᠨ ᠤ ᠭᠠᠯ ᠪᠠᠮᠪᠠᠷ ᠤᠨ ᠳᠠᠮᠵᠢᠭᠤᠯᠭ᠎ᠠ ᠲᠢᠶᠠᠨᠵᠢᠨ ᠬᠤᠲᠠ ᠶᠢᠨ ᠾᠧ ᠫᠢᠩ ᠲᠤᠭᠤᠷᠢᠭ ᠢᠶᠡᠷ ᠠᠩᠬᠠᠨ ᠤ ᠦᠷᠲᠡᠬᠡ ᠪᠤᠯᠭᠠᠵᠤ᠂ ᠵᠠᠯᠭᠠᠭᠠᠳ ᠲᠢᠶᠠᠨᠵᠢᠨ ᠬᠤᠲᠠ ᠶᠢᠨ 16 ᠵᠠᠰᠠᠭ ᠵᠠᠬᠢᠷᠭᠠᠨ ᠤ ᠲᠤᠭᠤᠷᠢᠭ ᠲᠤ ᠳᠠᠮᠵᠢᠭᠤᠯᠤᠨ ᠭᠦᠶᠦᠭᠡᠳ 8 ᠰᠠᠷ᠎ᠠ ᠶᠢᠨ 27 ᠤ ᠤᠷᠤᠢ ᠪᠤᠯᠲᠠᠯ᠎ᠠ᠂ ᠭᠠᠯ ᠪᠠᠮᠪᠠᠷ ᠢ ᠤᠯᠤᠰ ᠳᠠᠶᠠᠭᠠᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠰᠫᠤᠷᠲ ᠤᠨ ᠴᠢᠭᠤᠯᠭᠠᠨ ᠤ ᠨᠡᠬᠡᠬᠡᠯᠲᠠ ᠶᠢᠨ ᠲᠠᠯᠠᠪᠤᠷ ᠲᠤ ᠳᠠᠮᠵᠢᠭᠤᠯᠤᠨ ᠤᠷᠤᠭᠤᠯᠤᠨ᠎ᠠ᠃ (ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠬᠴᠢ ᠪᠠᠢ ᠢᠥᠢ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121455979