蒙古文网站Logo
ᠰᠢᠨᠬᠤᠸᠠ ᠮᠤᠩᠭ᠋ᠤᠯ ᠨᠧᠲ

ᠸᠠᠩ ᠬᠤᠤ 8 ᠵᠢᠯ ᠤᠷᠤᠶᠢᠳᠠᠭᠰᠠᠨ ᠠᠯᠳᠠᠨ ᠮᠧᠳᠠᠯ ᠢᠶᠡᠨ ᠭᠠᠷᠳᠠᠯ᠎ᠠ

2017-08-15 15:57

8 ᠰᠠᠷ ᠠ ᠶᠢᠨ 13 ᠤ ᠡᠳᠦᠷ᠂ ᠸᠠᠩ ᠬᠤᠤ ᠱᠠᠩᠨᠠᠯ ᠤᠨ ᠲᠠᠶᠢᠰᠠᠨ᠎ᠠ

    ᠲᠤᠰ ᠡᠳᠦᠷ᠂ ᠥᠪᠦᠷ ᠮᠣᠩ᠋ᠭᠤᠯ ᠤᠨ ᠥᠪᠡᠷᠲᠡᠬᠡᠨ ᠵᠠᠰᠬᠠᠤ ᠤᠷᠤᠨ ᠤ ᠠᠯᠬᠤᠭ᠎ᠠ ᠤᠷᠤᠯᠳᠤᠭᠠᠨ ᠤ ᠳᠠᠰᠬᠠᠯᠵᠢᠭᠤᠯᠤᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠭ᠎ᠠ ᠸᠠᠩ ᠬᠤᠤ ᠯᠤᠨᠳᠤᠨ ᠳᠤ ᠡᠷᠡᠭᠲᠠᠢ ᠶᠢᠨ 20 ᠺᠢᠯᠤᠮᠧᠲ᠋ᠷ ᠤᠨ ᠠᠯᠬᠤᠭ᠎ᠠ ᠤᠷᠤᠯᠳᠤᠭᠠᠨ ᠤ ᠮᠠᠩᠯᠠᠢ ᠰᠢᠯᠭᠠᠷᠠᠭᠤᠯᠬᠤ ᠲᠡᠮᠡᠴᠡᠭᠡᠨ ᠤ ᠠᠯᠳᠠᠨ ᠮᠧᠳᠠᠯ ᠢ ᠭᠠᠷᠳᠠᠪᠠ᠂ ᠡᠨᠡ ᠮᠧᠳᠠᠯ ᠪᠤᠯ ᠲᠡᠬᠦᠨ ᠤ 8 ᠵᠢᠯ ᠤᠷᠤᠶᠢᠳᠠᠵᠤ ᠤᠯᠤᠭᠰᠠᠨ ᠠᠯᠳᠠᠨ ᠮᠧᠳᠠᠯ ᠪᠤᠯᠤᠨ᠎ᠠ᠃ 2009 ᠤᠨ ᠤ 8 ᠰᠠᠷ᠎ᠠ ᠶᠢᠨ 15 ᠤ ᠡᠳᠦᠷ᠂ ᠪᠧᠷᠯᠢᠨ ᠳᠤ ᠶᠠᠪᠤᠭᠳᠠᠭᠰᠠᠨ 12 ᠳ᠋ᠤᠭᠠᠷ ᠬᠤᠭᠤᠴᠠᠭᠠᠨ ᠤ ᠲᠡᠯᠡᠬᠡᠢ ᠶᠢᠨ ᠬᠦᠨᠳᠤ ᠬᠦᠩᠬᠡᠨ ᠰᠫᠤᠷᠲ ᠤᠨ ᠮᠠᠩᠯᠠᠢ ᠰᠢᠯᠭᠠᠷᠠᠭᠤᠯᠬᠤ ᠲᠡᠮᠡᠴᠡᠭᠡᠨ ᠤ ᠡᠷᠡᠭᠲᠠᠢ ᠶᠢᠨ 20 ᠺᠢᠯᠤᠮᠧᠲ᠋ᠷ ᠤᠨ ᠠᠯᠬᠤᠭ᠎ᠠ ᠤᠷᠤᠯᠳᠤᠭᠠᠨ ᠳᠤ᠂ 20 ᠨᠠᠰᠤᠲᠠᠢ ᠸᠠᠩ ᠬᠤᠤ ᠳᠤᠮᠳᠠᠳᠤ ᠤᠯᠤᠰ ᠤᠨ ᠡᠷᠡᠭᠲᠠᠢ ᠶᠢᠨ ᠠᠯᠬᠤᠭ᠎ᠠ ᠤᠷᠤᠯᠳᠤᠭᠠᠨ ᠤ ᠪᠠᠭ ᠤᠨ ᠮᠠᠩᠯᠠᠢ ᠰᠢᠯᠭᠠᠷᠠᠭᠤᠯᠬᠤ ᠲᠡᠮᠡᠴᠡᠭᠡᠨ ᠤ ᠲᠡᠤᠬᠡᠨ ᠳ᠋ᠡᠬᠢ ᠠᠩᠬᠠᠳᠠᠬᠴᠢ ᠮᠦᠩᠬᠦᠨ ᠮᠧᠳᠠᠯ ᠢ ᠭᠠᠷᠳᠠᠬᠰᠠᠨ ᠪᠢᠯᠡ᠃ ᠲᠤᠬᠠᠢ ᠶᠢᠨ ᠦᠶ᠎ᠠ ᠳᠤ ᠠᠯᠳᠠᠨ ᠮᠧᠳᠠᠯ ᠭᠠᠷᠳᠠᠬᠰᠠᠨ ᠨᠢ ᠨᠢᠬᠡᠨ ᠤᠷᠤᠰ ᠤᠨ ᠲᠠᠮᠢᠷᠴᠢᠨ ᠪᠡᠶᠢᠵᠡᠢ᠂ 2015 ᠤᠨ ᠳᠤ ᠲᠤᠰ ᠲᠠᠮᠢᠷᠴᠢᠨ ᠬᠦᠬᠡᠷᠦᠭᠦᠯᠦᠭᠴᠢ ᠵᠠᠷᠤᠬᠰᠠᠨ ᠢ ᠪᠠᠶᠢᠴᠠᠭᠠᠵᠤ ᠤᠯᠤᠭᠠᠳ  8 ᠵᠢᠯ ᠤᠨ ᠲᠡᠮᠡᠴᠡᠭᠡᠨ ᠳᠤ ᠤᠷᠤᠯᠴᠠᠬᠤ ᠡᠷᠭᠡ ᠶᠢ ᠨᠢ ᠬᠠᠰᠤᠪᠠ᠃ ᠲᠡᠮᠡᠴᠡᠭᠡᠨ ᠳᠤ ᠤᠷᠤᠯᠴᠠᠬᠤ ᠡᠷᠭᠡ ᠶᠢ ᠬᠠᠰᠤᠬᠤ ᠬᠤᠭᠤᠴᠠᠭ᠎ᠠ ᠨᠢ 2008 ᠤᠨ ᠡᠴᠡ ᠡᠬᠢᠯᠡᠭᠰᠨ ᠪᠤᠯᠬᠤᠷ ᠤᠯᠠᠨ ᠤᠯᠤᠰ ᠤᠨ ᠬᠦᠨᠳᠤ ᠬᠦᠩᠬᠡᠨ ᠰᠫᠤᠷᠲ ᠤᠨ ᠬᠤᠯᠪᠤᠭ᠎ᠠ ᠲᠡᠬᠦᠨ ᠤ ᠠᠯᠳᠠᠨ ᠮᠧᠳᠠᠯ ᠢ ᠬᠤᠷᠢᠶᠠᠨ ᠠᠪᠴᠤ᠂ ᠸᠠᠩ ᠬᠤᠤ ᠳᠤ ᠤᠯᠭᠤᠬᠤ ᠪᠡᠷ ᠪᠤᠯᠵᠡᠢ᠃ ᠢᠩᠬᠢᠭ᠍ᠰ᠍ᠡᠨ ᠢᠶᠡᠷ᠂ ᠲᠤᠰ ᠬᠤᠭᠤᠴᠠᠭᠠᠨ ᠤ ᠯᠤᠨᠳᠤᠨ ᠤ ᠲᠡᠯᠡᠭᠡᠢ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ ᠤ ᠱᠠᠩᠨᠠᠯ ᠤᠯᠭᠤᠬᠤ ᠶᠤᠰᠤᠯᠠᠯ ᠳᠤ ᠸᠠᠩ ᠬᠤᠤ 8 ᠵᠢᠯ ᠤᠷᠤᠶᠢᠳᠠᠭᠰᠠᠨ ᠠᠯᠳᠠᠨ ᠮᠧᠳᠠᠯ ᠢᠶᠡᠨ ᠭᠠᠷᠳᠠᠬᠰᠠᠨ ᠪᠠᠶᠢᠨ᠎ᠠ᠃ (ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠬᠴᠢ ᠯᠦᠧᠧ ᠬᠤᠧᠠᠨ ᠬᠤᠧᠠᠨ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121486959