蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 129 ᠲᠠᠮᠢᠷᠴᠢᠨ ᠳᠤᠮᠳᠠᠳᠤ ᠤᠷᠤᠰ ᠮᠣᠩᠭᠣᠯ ᠤᠨ ᠤᠯᠠᠨ ᠤᠯᠤᠰ ᠤᠨ ᠵᠠᠯᠠᠭᠤ ᠪᠠᠭᠠᠴᠤᠳ ᠤᠨ ᠰᠫᠤᠷᠲ ᠤᠨ ᠴᠢᠭᠤᠯᠭᠠᠨ ᠳᠤ ᠤᠷᠤᠯᠴᠠᠪᠠ

2017-08-15 17:07

    8 ᠰᠠᠷ᠎᠎ᠠ ᠶᠢᠨ 12 ᠤᠨ ᠦᠳᠡ ᠶᠢᠨ ᠬᠤᠶᠢᠨ᠎ᠠ᠂ ᠳᠤᠯᠤᠳᠤᠭᠠᠷ ᠬᠤᠭᠤᠴᠠᠭᠠᠨ ᠤ ᠳᠤᠮᠳᠠᠳᠤ ᠤᠷᠤᠰ ᠮᠣᠩᠭᠣᠯ ᠤᠨ ᠤᠯᠠᠨ ᠤᠯᠤᠰ ᠤᠨ ᠵᠠᠯᠠᠭᠤ ᠪᠠᠭᠠᠴᠤᠳ ᠤᠨ ᠰᠫᠤᠷᠲ ᠤᠨ ᠴᠢᠭᠤᠯᠭᠠᠨ ᠮᠣᠩᠭᠣᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠲᠤ ᠡᠬᠢᠯᠡᠪᠡ᠃

    ᠤᠶᠢᠯᠠᠭᠠᠭᠰᠠᠨ ᠢᠶᠡᠷ᠂ ᠲᠤᠰ ᠠᠵᠢᠯᠯᠠᠭ᠎ᠠ ᠨᠢ 5 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠂ ᠦᠪᠦᠷ ᠮᠣᠩᠭᠣᠯ ᠤᠨ 129 ᠲᠠᠮᠢᠷᠴᠢᠨ ᠳᠤᠮᠳᠠᠳᠤ ᠤᠯᠤᠰ ᠢ ᠲᠦᠯᠦᠭᠡᠯᠡᠨ ᠮᠣᠩᠭᠣᠯ ᠤᠯᠤᠰ ᠪᠤᠯᠤᠨ ᠤᠷᠤᠰ ᠤᠨ ᠪᠤᠷᠢᠶᠠᠳ ᠤᠨ ᠪᠦᠬᠦᠳᠡ ᠨᠠᠶᠢᠷᠠᠮᠳᠠᠬᠤ ᠤᠯᠤᠰ ᠤᠨ ᠲᠠᠮᠢᠷᠴᠢᠳ ᠲᠠᠢ ᠬᠦᠯ ᠪᠦᠮᠪᠦᠭᠡ᠂ ᠰᠠᠭᠰᠤᠨ ᠪᠦᠮᠪᠦᠭᠡ᠂ ᠠᠯᠠᠭᠠᠳᠠᠬᠤ ᠪᠦᠮᠪᠦᠭᠡ᠂ ᠭᠠᠵᠠᠷ ᠤᠨ ᠲ᠋ᠸᠨ᠋ᠨᠢᠰ᠂ ᠫᠢᠩᠫᠤᠩ ᠪᠦᠮᠪᠦᠭᠡ᠂ ᠪᠤᠺᠰ᠂ ᠬᠠᠷᠪᠤᠯᠲᠠ᠂ ᠴᠢᠯᠦᠭᠡᠲᠤ ᠪᠦᠬᠡ᠂ ᠵᠢᠤᠳᠤ᠂ ᠬᠦᠩᠭᠡᠨ ᠠᠲ᠋᠋ᠯᠸᠲ᠋ᠢᠪ᠂ ᠲᠠᠶᠸᠺᠦᠨᠳᠤ᠋ ᠵᠡᠷᠭᠡ 11 ᠲᠦᠷᠦᠯ ᠤᠨ ᠲᠡᠮᠡᠴᠡᠭᠡᠨ ᠳᠤ ᠦᠷᠢᠰᠦᠯᠳᠦᠬᠦ ᠪᠤᠯᠤᠨ᠎ᠠ᠃ ᠳᠤᠮᠳᠠᠳᠤ ᠤᠷᠤᠰ ᠮᠣᠩᠭᠣᠯ ᠤᠨ ᠤᠯᠠᠨ ᠤᠯᠤᠰ ᠤᠨ ᠵᠠᠯᠠᠭᠤ ᠪᠠᠭᠠᠴᠤᠳ ᠤᠨ ᠰᠫᠤᠷᠲ ᠤᠨ ᠴᠢᠭᠤᠯᠭᠠᠨ ᠢ ᠳᠤᠮᠳᠠᠳᠤ ᠤᠷᠤᠰ ᠮᠣᠩᠭᠣᠯ ᠭᠤᠷᠪᠠᠨ ᠤᠯᠤᠰ 2008 ᠤᠨ ᠳᠤ ᠬᠠᠮᠲᠤᠪᠡᠷ ᠡᠭᠦᠰᠭᠡᠨ ᠪᠠᠶᠢᠭᠤᠯᠵᠤ᠂ 2009 ᠤᠨ ᠳᠤ ᠮᠣᠩᠭᠣᠯ ᠤᠯᠤᠰ ᠤᠨ ᠤᠯᠠᠭᠠᠨᠪᠠᠭᠠᠲᠤᠷ ᠲᠤ ᠠᠩᠬᠠᠳᠤᠭᠠᠷ ᠬᠤᠭᠤᠴᠠᠭ᠎ᠠ ᠪᠡᠨ ᠶᠠᠪᠤᠭᠳᠠᠭᠤᠯᠵᠤ᠂ ᠬᠤᠶᠠᠳᠤᠭᠠᠷ ᠪᠤᠯᠤᠨ ᠲᠠᠪᠤᠳᠤᠭᠠᠷ ᠬᠤᠭᠤᠴᠠᠭ᠎ᠠ ᠶᠢ ᠳᠤᠮᠳᠠᠳᠤ ᠤᠯᠤᠰ ᠤᠨ ᠦᠪᠦᠷ ᠮᠣᠩᠭᠣᠯ ᠤᠨ ᠬᠦᠬᠡᠬᠤᠲᠠ ᠳᠤ ᠶᠠᠪᠤᠭᠳᠠᠭᠤᠯᠤᠭᠰᠠᠨ ᠶᠤᠮ᠃ ( ᠰᠤᠷᠪᠤᠯᠵᠢᠯᠠᠭᠴᠢ ᠨᠢᠦ ᠲᠢᠶᠠᠨ ᠵᠢᠶᠠ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121487520