蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠩᠬᠠᠳᠤᠭᠠᠷ ᠬᠤᠭᠤᠴᠠᠭᠠᠨ ᠤ ᠬᠦᠳᠡᠭᠡ ᠤᠷᠤᠨ ᠨᠤᠲᠤᠭ ᠤᠨ ᠠᠳᠠᠯ ᠪᠤᠰᠬᠠᠵᠤ ᠰᠢᠨ᠎ᠠ ᠶᠢ ᠡᠭᠦᠳᠬᠦ ᠲᠤᠰᠬᠠᠢ ᠤᠷᠤᠯᠳᠤᠭᠠᠨ ᠡᠬᠢᠯᠡᠪᠡ

2017-08-17 11:43

    8 ᠰᠠᠷ᠎ᠠ᠎ ᠶᠢᠨ 15 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠦᠪᠦᠷ ᠮᠣᠩᠭᠣᠯ ᠤᠨ ᠡᠪᠯᠡᠯ ᠤᠨ ᠬᠤᠷᠢᠶᠠᠨ ᠡᠴᠡ ᠬᠠᠮᠲᠤᠷᠠᠨ ᠰᠠᠨᠠᠭᠠᠴᠢᠯᠠᠭᠰᠠᠨ 2017 ᠦᠪᠦᠷ ᠮᠣᠩᠭᠣᠯ ᠤᠨ ᠠᠩᠬᠠᠳᠤᠭᠠᠷ ᠬᠤᠭᠤᠴᠠᠭᠠᠨ ᠤ ᠬᠦᠳᠡᠭᠡ ᠤᠷᠤᠨ ᠨᠤᠲᠤᠭ ᠤᠨ ᠠᠳᠠᠯ ᠪᠤᠰᠬᠠᠵᠤ ᠰᠢᠨ᠎ᠠ ᠶᠢ ᠡᠭᠦᠳᠬᠦ ᠲᠦᠰᠦᠯ ᠤᠨ ᠤᠷᠤᠯᠳᠤᠭᠠᠨ ᠵᠢᠴᠢ ᠳᠦᠷᠪᠡᠳᠦᠭᠡᠷ ᠬᠤᠭᠤᠴᠠᠭᠠᠨ ᠤ《 ᠤᠷᠢ ᠵᠠᠯᠠᠭᠤ ᠡᠭᠦᠳᠦᠯᠳᠡ》 ᠦᠪᠦᠷ ᠮᠣᠩᠭᠣᠯ ᠤᠨ ᠵᠠᠯᠠᠭᠤᠴᠤᠳ ᠤᠨ ᠰᠢᠨ᠎ᠠ ᠶᠢ ᠡᠭᠦᠳᠴᠤ ᠠᠳᠠᠯ ᠪᠤᠰᠬᠠᠬᠤ ᠤᠷᠤᠯᠳᠤᠭᠠᠨ ᠤ ᠤᠳᠤᠬᠢᠴᠢᠯᠠᠭᠰᠠᠨ ᠮᠠᠯ ᠠᠵᠤ ᠠᠬᠤᠢ ᠪᠤᠯᠤᠨ ᠬᠦᠳᠡᠭᠡ ᠤᠷᠤᠨ ᠨᠤᠲᠤᠭ ᠤᠨ ᠴᠠᠬᠢᠮ ᠬᠤᠳᠠᠯᠳᠤᠭᠠᠨ ᠤ ᠲᠤᠰᠬᠠᠢ ᠤᠷᠤᠯᠳᠤᠭᠠᠨ ᠬᠦᠬᠡᠬᠤᠲᠠ ᠳᠤ ᠡᠬᠢᠯᠡᠪᠡ᠃

    ᠲᠤᠰ ᠤᠷᠤᠯᠳᠤᠭᠠᠨ ᠨᠢ《 ᠰᠢᠨ᠎ᠠ ᠲᠠᠷᠢᠶᠠᠯᠠᠩ᠂ ᠠᠳᠠᠯ ᠪᠤᠰᠬᠠᠬᠤ ᠶᠢ ᠬᠦᠮᠦᠵᠢᠭᠦᠯᠬᠦ᠂ ᠰᠢᠨ᠎ᠠ ᠶᠢ ᠡᠭᠦᠳᠬᠦ᠂ ᠡᠩᠨᠡᠭᠡ》  ᠪᠡᠷ ᠭᠤᠤᠯ ᠰᠡᠳᠦᠪ ᠪᠤᠯᠭᠠᠵᠤ᠂ ᠤᠷᠤᠨ ᠳᠠᠶᠠᠭᠠᠷ ᠤᠨ ᠡᠯ᠎ᠠ ᠠᠶᠢᠮᠠᠭ ᠬᠤᠲᠠ ᠡᠴᠡ 43 ᠲᠦᠰᠦᠯ ᠤᠨ 52 ᠬᠦᠮᠦᠨ ᠢ ᠰᠢᠯᠭᠠᠷᠠᠭᠤᠯᠤᠨ ᠤᠷᠤᠯᠳᠤᠭᠠᠨ ᠳᠤ ᠤᠷᠤᠯᠴᠠᠭᠤᠯᠪᠠ᠃ 10 ᠰᠢᠨ᠎ᠠ ᠶᠢ ᠡᠭᠦᠳᠬᠦ ᠵᠢᠯᠤᠭᠤᠳᠤᠭᠴᠢ ᠪᠠᠭᠰᠢ᠂ ᠠᠷᠠᠯᠵᠢᠶᠠᠨ ᠤ ᠬᠦᠷᠢᠶ᠎ᠠ ᠴᠡᠷᠠᠭ᠎ᠠ ᠳᠡᠬᠢ ᠰᠤᠲᠤᠨ ᠪᠤᠯᠤᠨ ᠬᠦᠷᠦᠩᠭᠡ ᠤᠷᠤᠭᠤᠯᠤᠭᠴᠢᠳ ᠤᠷᠤᠯᠳᠤᠭᠠᠨ ᠤ ᠬᠢᠨᠠᠭᠴᠢ ᠪᠡᠷ ᠰᠠᠭᠤᠵᠤ᠂ ᠤᠷᠤᠯᠳᠤᠭᠠᠨ ᠳᠤ ᠤᠷᠤᠯᠴᠠᠭᠰᠠᠳ ᠲᠤ ᠰᠠᠶᠢᠨ ᠰᠠᠶᠢᠬᠠᠨ ᠰᠢᠨ᠎ᠠ ᠶᠢ ᠡᠭᠦᠳᠬᠦ ᠰᠤᠷᠤᠯᠴᠠᠬᠤ ᠲᠠᠪᠴᠠᠩ ᠤᠯᠭᠤᠬᠰᠠᠨ ᠪᠠᠶᠢᠨ᠎ᠠ᠃ ᠡᠭᠦᠨ ᠤ ᠬᠠᠮᠲᠤ᠂ ᠠᠵᠢᠯ ᠮᠡᠷᠭᠡᠵᠢᠯ ᠤᠨ ᠬᠦᠷᠢᠶᠡᠨ ᠳᠡᠬᠢ ᠲᠤᠰᠬᠠᠢ ᠬᠦᠷᠦᠩᠭᠡ ᠤᠷᠤᠭᠤᠯᠬᠤ ᠮᠡᠷᠭᠡᠵᠢᠯᠲᠠᠨ ᠪᠤᠯᠤᠨ ᠬᠤᠪᠢᠴᠠᠭᠠᠨ ᠤ ᠡᠷᠬᠡ ᠶᠢᠨ ᠵᠦᠪᠯᠡᠭᠴᠢ ᠤᠷᠤᠯᠴᠠᠭᠰᠠᠳ ᠲᠤ ᠭᠠᠵᠠᠷ ᠲᠡᠭᠡᠷ᠎ᠠ ᠨᠢ ᠵᠢᠭᠠᠨ ᠵᠢᠯᠤᠭᠤᠳᠴᠤ ᠠᠳᠠᠯ ᠪᠤᠰᠬᠠᠭᠴᠢᠳ ᠲᠤ ᠠᠳᠠᠯ ᠪᠤᠰᠬᠠᠬᠤ ᠲᠦᠰᠦᠯ ᠬᠡᠯᠪᠡᠷᠢ᠂ ᠬᠦᠷᠦᠩᠭᠡ ᠮᠦᠩᠭᠦ ᠪᠤᠯᠤᠨ ᠠᠳᠠᠯ ᠪᠤᠰᠬᠠᠬᠤ ᠤᠷ᠎ᠠ ᠴᠢᠳᠠᠪᠤᠷᠢ ᠶᠢ ᠤᠶᠢᠯᠠᠭᠠᠭᠤᠯᠵᠤ᠂ ᠠᠵᠤ ᠠᠬᠤᠶᠢᠯᠠᠯ ᠤᠨ ᠠᠳᠠᠯ ᠪᠤᠰᠬᠠᠬᠤ ᠳᠦᠷᠢᠮᠵᠢᠭᠦᠯᠦᠯᠲᠠ ᠪᠤᠯᠤᠨ ᠶᠠᠷᠰᠢᠭ ᠲᠦᠪᠡᠭ᠌ ᠲᠤᠯᠭᠠᠷᠠᠬᠤ ᠡᠴᠡ ᠵᠠᠶᠢᠯᠠᠬᠤ ᠴᠢᠳᠠᠪᠦᠷᠢ ᠶᠢ ᠨᠢ ᠳᠡᠭᠡᠭ᠍ᠰᠢᠯᠡᠭᠦᠯᠬᠦ ᠪᠡᠷ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121498383