蒙古文网站Logo
ᠰᠢᠨᠬᠤᠸᠠ ᠮᠤᠩᠭ᠋ᠤᠯ ᠨᠧᠲ

ᠶᠠᠩ ᠵᠢᠶᠠ ᠢᠥᠢ ᠲᠠᠪᠤᠨ ᠰᠠᠷ᠎ᠠ ᠶᠢᠨ ᠨᠢᠬᠡᠨ ᠤ ᠬᠦᠳᠡᠯᠮᠦᠷᠢ ᠶᠢᠨ ᠱᠠᠩᠨᠠᠯ ᠬᠦᠷᠲᠡᠪᠡ

2017-08-17 16:42

    ᠥᠪᠦᠷ ᠮᠣᠩᠭ᠋ᠤᠯ ᠤᠨ ᠲᠠᠮᠢᠷᠴᠢᠨ ᠶᠠᠩ ᠵᠢᠶᠠ ᠢᠥᠢ ᠶᠢᠨ 2017 ᠤᠨ ᠤ ᠯᠤᠨᠳᠤᠨ ᠪ ᠬᠦᠨᠳᠤ ᠬᠦᠩᠬᠡᠨ ᠰᠫᠤᠷᠲ ᠤᠨ ᠲᠡᠯᠡᠬᠡᠢ ᠵᠢᠨ ᠮᠠᠩᠯᠠᠢ ᠰᠢᠯᠭᠠᠷᠠᠭᠤᠯᠬᠤ ᠲᠡᠮᠡᠴᠡᠭᠡᠨ ᠳ᠋ᠡᠬᠢ ᠰᠢᠯᠢᠳᠡᠭ ᠢᠯᠡᠷᠡᠯ ᠢ ᠰᠠᠶᠢᠰᠢᠶᠠᠬᠤ ᠶᠢᠨ ᠲᠤᠰᠠᠲᠠ᠂ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠡᠴᠡ 8 ᠰᠠᠷ᠎ᠠ ᠶᠢᠨ 16 ᠤ ᠡᠳᠦᠷ ᠶᠠᠩ ᠵᠢᠶᠠ ᠢᠥᠢ ᠳᠤ ᠥᠪᠡᠷᠲᠡᠬᠡᠨ ᠵᠠᠰᠬᠤ ᠤᠷᠤᠨ ᠤ ᠲᠠᠪᠤᠨ ᠰᠠᠷ᠎ᠠ ᠶᠢᠨ ᠨᠢᠬᠡᠨ ᠤ ᠬᠦᠳᠡᠯᠮᠦᠷᠢ ᠶᠢᠨ ᠱᠠᠩᠨᠠᠯ ᠤᠯᠭᠤᠪᠠ᠃ ᠶᠠᠩ ᠵᠢᠶᠠ ᠢᠥᠢ ᠪᠤᠯ ᠥᠪᠦᠷ ᠮᠣᠩᠭ᠋ᠤᠯ ᠤᠨ ᠬᠦᠨᠳᠤ ᠬᠦᠩᠬᠡᠨ ᠰᠫᠤᠷᠲ ᠤᠨ ᠪᠠᠭ ᠤᠨ ᠲᠠᠮᠢᠷᠴᠢᠨ᠂ ᠥᠨᠥ ᠵᠢᠯ 21 ᠨᠠᠰᠤᠲᠠᠢ᠃ ᠪᠡᠭᠡᠵᠢᠩ ᠤᠨ ᠴᠠᠭ ᠢᠶᠡᠷ 8 ᠰᠠᠷ᠎ᠠ ᠶᠢᠨ 13 ᠤ ᠡᠳᠦᠷ ᠯᠤᠨᠳᠤᠨ ᠳᠤ ᠶᠠᠪᠤᠭᠳᠠᠭᠰᠠᠨ 2017 ᠤᠨ ᠤ ᠬᠦᠨᠳᠤ ᠬᠦᠩᠬᠡᠨ ᠰᠫᠤᠷᠲ ᠤᠨ ᠲᠡᠯᠡᠬᠡᠢ ᠵᠢᠨ ᠮᠠᠩᠯᠠᠢ ᠰᠢᠯᠭᠠᠷᠠᠭᠤᠯᠬᠤ ᠲᠡᠮᠡᠴᠡᠭᠡᠨ ᠤ ᠡᠮᠡᠭᠲᠠᠢ ᠶᠢᠨ 20 ᠺᠢᠯᠤᠮᠧᠲ᠋ᠷ ᠤᠨ ᠠᠯᠬᠤᠭ᠎ᠠ ᠤᠷᠤᠯᠳᠤᠭᠠᠨ ᠳᠤ 1ᠴᠠᠭ 26 ᠮᠢᠨᠦ᠋ᠲ 18 ᠰᠧᠺᠦ᠋ᠨ᠋ᠳ᠋ ᠤᠨ ᠬᠢᠷᠢ ᠪᠦᠲᠦᠮᠵᠢ ᠪᠡᠷ ᠮᠠᠩᠯᠠᠶᠢᠯᠠᠵᠤ᠂ ᠡᠬᠡ ᠤᠷᠤᠨ ᠳᠤ ᠪᠡᠨ ᠢᠷᠡᠭᠤ ᠠᠯᠳᠠᠷ ᠠᠪᠴᠢᠷᠠᠬᠰᠠᠨ ᠪᠢᠯᠡ᠃

ᠢᠷᠡᠯᠳᠡ᠄ ᠥᠪᠦᠷ ᠮᠤᠩᠭ᠋ᠤᠯ ᠤᠨ ᠰᠣᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121499962