蒙古文网站Logo
ᠰᠢᠨᠬᠤᠸᠠ ᠮᠤᠩᠭ᠋ᠤᠯ ᠨᠧᠲ

ᠮᠤᠷᠢ ᠰᠤᠷᠢᠵᠤ ᠤᠷᠤᠯᠳᠤᠭᠠᠨ ᠳᠤ ᠪᠡᠯᠡᠳᠭᠡᠨ᠎ᠠ

2017-08-28 11:39

    8 ᠰᠠᠷ᠎ᠠ ᠶᠢᠨ 27 ᠤ ᠡᠳᠦᠷ᠂ ᠬᠦᠬᠡᠬᠤᠲᠠ ᠶᠢᠨ ᠬᠤᠷᠢᠨᠭᠡᠷ ᠰᠢᠶᠠᠨ ᠤ ᠬᠤᠨᠢ ᠶᠢᠨ ᠰᠦᠷᠦᠭ ᠤᠨ ᠭᠤᠤᠯ ᠰᠢᠶᠠᠩ ᠤᠨ ᠪᠠᠶᠠᠨ ᠲᠤᠬᠤᠢ ᠮᠤᠷᠢᠨ ᠤᠷᠤᠯᠳᠤᠭᠠᠨ ᠤ ᠲᠠᠯᠠᠪᠤᠷ ᠲᠤ ᠤᠨᠤᠭᠠᠴᠢᠳ ᠮᠤᠷᠢ ᠰᠤᠷᠢᠵᠤ ᠤᠷᠤᠯᠳᠤᠭᠠᠨ ᠳᠤ ᠪᠡᠯᠡᠳᠭᠡᠨ᠎ᠠ᠃ ᠤᠶᠢᠯᠠᠭᠠᠭᠰᠠᠨ ᠢᠶᠡᠷ᠂ 8 ᠰᠠᠷ᠎ᠠ ᠶᠢᠨ 31 ᠡᠴᠡ 9 ᠰᠠᠷ᠎ᠠ ᠶᠢᠨ 2 ᠤᠨ ᠡᠳᠦᠷ ᠪᠤᠯᠲᠠᠯ᠎ᠠ ᠳᠤᠮᠳᠠᠳᠤ ᠶᠢᠨ ᠦᠨᠳᠦᠰᠦᠲᠡᠨ ᠤ ᠮᠤᠷᠢᠨ ᠤᠷᠤᠯᠳᠤᠭᠠᠨ ·2017 ᠤᠯᠠᠮᠵᠢᠯᠠᠯᠲᠤ ᠳᠠᠭᠠᠭᠠᠴᠠ ᠰᠢᠯᠭᠠᠬᠤ ᠤᠷᠤᠯᠳᠤᠭᠠᠨ(ᠬᠤᠷᠢᠨᠭᠡᠷ ᠦᠷᠲᠡᠭᠡ) ᠵᠢᠴᠢ ᠠᠩᠬᠠᠳᠤᠭᠠᠷ ᠬᠤᠭᠤᠴᠠᠭᠠᠨ ᠤ ᠬᠤᠷᠢᠨᠭᠡᠷ ᠪᠠᠶᠠᠷ ᠪᠠᠬᠠᠳᠤᠯᠲᠤ ᠨᠠᠭᠠᠳᠤᠮ ᠤᠨ ᠠᠵᠢᠯᠯᠠᠭ᠎ᠠ ᠡᠨᠳᠡ ᠶᠠᠪᠤᠭᠳᠠᠬᠤ ᠪᠡᠷ ᠪᠠᠶᠢᠨ᠎ᠠ᠃ ᠮᠤᠷᠢ ᠤᠷᠤᠯᠳᠤᠬᠤ᠂ ᠰᠤᠷ ᠬᠠᠷᠪᠤᠬᠤ᠂ ᠪᠦᠬᠡ ᠪᠠᠷᠢᠯᠳᠤᠬᠤ《ᠮᠣᠩᠭᠣᠯ ᠦᠨᠳᠦᠰᠦᠲᠡᠨ ᠤ ᠡᠷ᠎ᠠ ᠶᠢᠨ ᠭᠤᠷᠪᠠᠨ ᠨᠠᠭᠠᠳᠤᠮ》 ᠵᠤᠬᠢᠶᠠᠨ ᠪᠠᠶᠢᠭᠤᠯᠤᠭᠳᠠᠨ᠎ᠠ᠃ ᠤᠳᠤᠬᠠᠨ ᠳᠤ᠂ 《2017 ᠤᠯᠠᠮᠵᠢᠯᠠᠯᠲᠤ ᠳᠠᠭᠠᠭᠠᠴᠠ ᠰᠢᠯᠭᠠᠬᠤ ᠤᠷᠤᠯᠳᠤᠭᠠᠨ》 ᠨᠢᠭᠡᠨᠲᠡ ᠳᠦᠷᠪᠡᠨ ᠦᠷᠳᠡᠭᠡᠨ ᠤ ᠤᠷᠤᠯᠳᠤᠭᠠᠨ ᠢᠶᠡᠨ ᠠᠮᠵᠢᠯᠲᠠ ᠲᠠᠢ ᠵᠤᠬᠢᠶᠠᠨ ᠪᠠᠶᠢᠭᠤᠯᠤᠭᠠᠳ ᠪᠤᠢ᠂ ᠬᠤᠷᠢᠨᠭᠡᠷ ᠲᠡᠬᠢ ᠤᠷᠤᠯᠳᠤᠭᠠᠨ ᠨᠢ ᠲᠠᠪᠤᠳᠤᠭᠠᠷ ᠦᠷᠲᠡᠭᠡ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121555127