蒙古文网站Logo
ᠰᠢᠨᠬᠤᠸᠠ ᠮᠤᠩᠭ᠋ᠤᠯ ᠨᠧᠲ

〔ᠤᠯᠤᠰ ᠲᠠᠶᠠᠭᠠᠷ ᠤᠨ ᠪᠡᠶ᠎ᠡ ᠶᠢᠨ ᠳᠠᠮᠢᠷ ᠤᠨ ᠴᠢᠭᠤᠯᠭᠠᠨ〕ᠢᠷᠭᠡᠳ ᠤᠨ ᠲᠡᠮᠡᠴᠡᠭᠡᠨ ᠤ ᠦᠳᠦᠨ ᠪᠦᠮᠪᠦᠬᠡ ᠶᠢᠨ ᠰᠢᠢᠳᠪᠤᠷᠢᠲᠤ ᠲᠡᠮᠡᠴᠡᠭᠡᠨ ᠡᠬᠢᠯᠡᠯ᠎ᠠ

2017-08-31 10:50

    ᠰᠢᠨᠬᠤᠧᠠ ᠬᠤᠷᠢᠶ᠎ᠠ ᠲᠢᠶᠠᠨᠵᠢᠨ ᠪ 8 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠵᠠᠩ ᠶᠢᠩ ᠬᠤᠧᠠ᠂ ᠵᠢᠢ ᠶᠢᠶᠧ) ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠪᠡᠶ᠎ᠡ ᠶᠢᠨ ᠳᠠᠮᠢᠷ ᠤᠨ ᠴᠢᠭᠤᠯᠭᠠᠨ ᠤ ᠢᠷᠭᠡᠳ ᠤᠨ ᠲᠡᠮᠡᠴᠡᠭᠡᠨ ᠤ ᠦᠳᠦᠨ ᠪᠦᠮᠪᠦᠬᠡ ᠶᠢᠨ ᠰᠢᠢᠳᠪᠤᠷᠢᠲᠤ ᠲᠡᠮᠡᠴᠡᠭᠡᠨ 30 ᠤ ᠡᠳᠦᠷ ᠲᠢᠶᠠᠨᠵᠢᠨ ᠳᠤ ᠡᠬᠢᠯᠡᠯ᠎ᠠ᠃ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠡᠴᠡ ᠢᠷᠡᠭᠰᠡᠨ 201 ᠲᠠᠮᠢᠷᠴᠢᠨ 5 ᠡᠳᠦᠷ ᠶᠠᠪᠤᠭᠳᠠᠬᠤ ᠡᠨᠡᠬᠦ ᠲᠡᠮᠡᠴᠡᠭᠡᠨ ᠳᠤ ᠦᠷᠢᠰᠦᠯᠳᠤᠨ᠎ᠠ᠃

    ᠲᠡᠮᠡᠴᠡᠭᠡᠨ ᠤ ᠳᠦᠷᠢᠮ ᠶᠤᠰᠤᠭᠠᠷ᠂ ᠲᠤᠰ ᠤᠳᠠᠭᠠᠨ ᠤ ᠢᠷᠭᠡᠳ ᠤᠨ ᠲᠡᠮᠡᠴᠡᠭᠡᠨ ᠤ ᠦᠳᠦᠨ ᠪᠦᠮᠪᠦᠬᠡ ᠶᠢᠨ ᠰᠢᠢᠳᠪᠤᠷᠢᠲᠤ ᠲᠡᠮᠡᠴᠡᠭᠡᠨ ᠢ ᠡᠷᠡᠭᠲᠠᠢ ᠶᠢᠨ ᠭᠠᠬᠴᠠ ᠬᠦᠮᠦᠨ᠂ ᠡᠮᠡᠭᠲᠠᠢ ᠶᠢᠨ ᠭᠠᠬᠴᠠ ᠬᠦᠮᠦᠨ᠂ ᠡᠷᠡᠭᠲᠠᠢ ᠶᠢᠨ ᠬᠤᠤᠰ ᠬᠦᠮᠦᠨ᠂ ᠡᠮᠡᠭᠲᠠᠢ ᠶᠢᠨ ᠬᠤᠤᠰ ᠬᠦᠮᠦᠨ᠂ ᠡᠷᠡᠭᠲᠠᠢ ᠡᠮᠡᠭᠲᠠᠢ ᠬᠤᠤᠰ ᠬᠦᠮᠦᠨ ᠤ ᠲᠡᠮᠡᠴᠡᠭᠡᠨ ᠵᠡᠷᠭᠡ 5 ᠲᠦᠷᠦᠯ ᠬᠤᠪᠢᠶᠠᠬᠰᠠᠨ ᠪᠠᠶᠢᠨ᠎ᠠ᠃ ᠡᠬᠦᠨ ᠤ ᠵᠡᠷᠭᠡᠴᠡᠭᠡ᠂ ᠠᠳᠠᠯᠢ ᠪᠤᠰᠤ ᠨᠠᠰᠤᠨ ᠤ ᠬᠢᠵᠠᠭᠠᠷᠯᠠᠯ ᠢᠶᠡᠷ ᠲᠠᠮᠢᠷᠴᠢᠳ ᠢ A、B、C ᠭᠤᠷᠪᠠᠨ ᠪᠠᠭ ᠬᠤᠪᠢᠶᠠᠨ᠎ᠠ᠂ ᠡᠬᠦᠨ ᠳᠤ A ᠪᠠᠭ ᠲᠤ 1983 ᠤᠨ ᠤ 1 ᠰᠠᠷ᠎ᠠ ᠶᠢᠨ 1 ᠤ ᠡᠳᠦᠷ ᠡᠴᠡ ᠬᠤᠶᠢᠰᠢ ᠲᠦᠷᠦᠭᠰᠡᠨ᠂ B ᠪᠠᠭ ᠪᠤᠯᠤᠨ C ᠪᠠᠭ ᠲᠤ ᠲᠤᠰᠪᠤᠷᠢ1968 ᠤᠨ ᠤ 1 ᠰᠠᠷ᠎ᠠ ᠶᠢᠨ 1 ᠡᠴᠡ 1982 ᠤᠨ ᠤ 12 ᠰᠠᠷ᠎ᠠ ᠶᠢᠨ 31 ᠤ ᠡᠳᠦᠷ ᠤᠨ ᠬᠤᠭᠤᠷᠤᠳᠤ ᠪᠠ 1953 ᠤᠨ ᠤ 1 ᠰᠠᠷ᠎ᠠ ᠶᠢᠨ 1 ᠡᠴᠡ 1967 ᠤᠨ ᠤ 12 ᠰᠠᠷ᠎ᠠ ᠶᠢᠨ 31 ᠤ ᠡᠳᠦᠷ ᠤᠨ ᠬᠤᠭᠤᠷᠤᠳᠤ ᠲᠦᠷᠦᠭᠰᠠᠨ ᠲᠠᠮᠢᠷᠴᠢᠳ ᠢ ᠲᠤᠬᠢᠷᠠᠭᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121576844