蒙古文网站Logo
ᠰᠢᠨᠬᠤᠸᠠ ᠮᠤᠩᠭ᠋ᠤᠯ ᠨᠧᠲ

《ᠲᠤᠷᠭᠠᠨ ᠤ ᠵᠠᠮ •  ᠤᠯᠠᠨ ᠤᠯᠤᠰ ᠤᠨ ᠤᠶᠤᠲᠠᠳ ᠤᠨ ᠬᠦᠯ ᠪᠦᠮᠪᠦᠭᠡ ᠶᠢᠨ ᠨᠦᠬᠦᠷᠰᠡᠭ ᠲᠡᠮᠡᠴᠡᠭᠡᠨ》 ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠳ᠋ᠤ ᠡᠬᠢᠯᠡᠯ᠎ᠡ

2017-09-22 18:10

    ᠰᠢᠨᠬᠤᠧᠠ ᠮᠤᠩᠭ᠋ᠤᠯ ᠨᠧᠲ  ᠬᠦᠬᠡᠬᠤᠲᠠ ᠶᠢᠨ 9 ᠰᠠᠷ᠎᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ (ᠬᠦᠵᠡᠰᠭᠦᠯᠡᠩ ) 22 ᠤᠨ ᠡᠲᠦᠷ ᠤᠨ ᠦᠲᠡ ᠡᠴᠡ ᠡᠮᠦᠨ᠎ᠡ ᠲᠤᠮᠲᠠᠲᠤ ᠤᠯᠤᠰ - ᠮᠤᠩᠭ᠋ᠤᠯ ᠤᠯᠤᠰ ᠤᠨ ᠦᠵᠡᠰᠬᠦᠯᠡᠩ ᠤᠨ ᠨᠢᠭᠡ ᠠᠵᠢᠯᠯᠠᠭ᠎ᠠ ᠪᠤᠯᠬᠤ《 ᠲᠤᠷᠭᠠᠨ ᠤ ᠵᠠᠮᠤᠯᠠᠨ ᠤᠯᠤᠰ ᠤᠨ ᠤᠶᠤᠲᠠᠳ ᠤᠨ ᠬᠦᠯ ᠪᠦᠮᠪᠦᠭᠡ ᠶᠢᠨ ᠨᠦᠬᠦᠷᠰᠡᠭ ᠲᠡᠮᠡᠴᠡᠭᠡᠨ》 ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠱᠧᠩ ᠯᠧ ᠰᠤᠷᠭᠠᠭᠤᠯᠢ ᠶᠢᠨ ᠲᠤᠭᠤᠷᠢᠭ ᠲᠤ ᠡᠬᠢᠯᠡᠯ᠎ᠡ᠃

    ᠡᠨᠡ ᠤᠨ ᠤ《 ᠲᠤᠷᠭᠠᠨ ᠤ ᠵᠠᠮ • ᠤᠯᠠᠨ ᠤᠯᠤᠰ ᠤᠨ ᠤᠶᠤᠲᠠᠳ ᠤᠨ ᠬᠦᠯ ᠪᠦᠮᠪᠦᠭᠡ ᠶᠢᠨ ᠨᠦᠬᠦᠷᠰᠡᠭ ᠲᠡᠮᠡᠴᠡᠭᠡᠨ》ᠳ᠋ᠤ ᠮᠤᠩᠭ᠋ᠤᠯ ᠤᠯᠤᠰ ᠤᠨ ᠶᠡᠬᠡ ᠰᠤᠷᠭᠠᠭᠤᠯᠢ᠂ ᠮᠤᠩᠭ᠋ᠤᠯ ᠤᠯᠤᠰ ᠤᠨ ᠰᠤᠷᠭᠠᠨ ᠬᠦᠮᠦᠵᠢᠯ ᠤᠨ ᠶᠡᠬᠡ ᠰᠤᠷᠭᠠᠭᠤᠯᠢ᠂ ᠤᠷᠤᠰ ᠤᠨ ᠮᠤᠰᠺᠧᠠ ᠤᠯᠤᠰ ᠤᠨ ᠶᠡᠬᠡ ᠰᠤᠷᠭᠠᠭᠤᠯᠢ᠂ ᠪᠧᠯᠤᠷᠦ᠋ᠰ ᠤᠨ ᠤᠯᠤᠰ ᠤᠨ ᠶᠡᠬᠡ ᠰᠤᠷᠭᠠᠭᠤᠯᠢ᠂ ᠺᠠᠽᠠᠭᠰᠲ᠋ᠠᠨ ᠤ ᠨᠠᠽᠠᠷᠪᠠᠶᠧᠹ ᠶᠡᠬᠡ ᠰᠤᠷᠭᠠᠭᠤᠯᠢ᠂ ᠦᠽᠪᠧᠺᠢᠰᠲ᠋ᠠᠨ ᠤ ᠲᠠᠱᠺᠧ᠌ᠨ᠋ᠲ ᠤᠯᠤᠰ ᠤᠨ ᠪᠠᠭᠰᠢ ᠶᠢᠨ ᠶᠡᠬᠡ ᠰᠤᠷᠭᠠᠭᠤᠯᠢ᠂ ᠲᠠᠵᠢᠺᠢᠰᠲ᠋ᠠᠨ ᠤ ᠤᠯᠤᠰ ᠤᠨ ᠪᠠᠭᠰᠢ ᠶᠢᠨ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠲᠤᠮᠲᠠᠲᠤ ᠤᠯᠤᠰ ᠤᠨ ᠠᠷᠠᠳ ᠤᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠵᠡᠷᠭᠡ ᠤᠯᠤᠰ ᠤᠨ ᠲᠤᠲᠤᠭᠠᠲᠤ ᠭᠠᠲᠠᠭᠠᠲᠤ ᠶᠢᠨ 11 ᠶᠡᠬᠡ ᠰᠤᠷᠭᠠᠭᠤᠯᠢ ᠶᠢᠨ ᠲᠦᠯᠦᠭᠡᠯᠡᠭᠴᠢ ᠪᠠᠭ ᠤᠷᠤᠯᠴᠠᠨ᠎ᠠ᠃

    ᠤᠶᠢᠯᠠᠭᠠᠭᠰᠠᠨ ᠢᠶᠡᠷ《 ᠲᠤᠷᠭᠠᠨ ᠤ ᠵᠠᠮ • ᠤᠯᠠᠨ ᠤᠯᠤᠰ ᠤᠨ ᠤᠶᠤᠲᠠᠳ ᠤᠨ ᠬᠦᠯ ᠪᠦᠮᠪᠦᠭᠡ ᠶᠢᠨ ᠨᠦᠬᠦᠷᠰᠡᠭ ᠲᠡᠮᠡᠴᠡᠭᠡᠨ》 ᠢ ᠪᠠᠭᠲᠠᠭᠠᠭᠰᠠᠨ ᠲᠤᠮᠲᠠᠲᠤ ᠮᠤᠩᠭ᠋ᠤᠯ ᠤᠨ ᠪᠠᠭᠰᠢ ᠰᠤᠷᠤᠭᠴᠢᠳ ᠤᠨ ᠤᠷᠠᠨ ᠵᠢᠷᠤᠭ ᠤᠨ ᠪᠦᠲᠦᠭᠡᠯ ᠤᠨ ᠦᠵᠡᠬᠦᠯᠦᠯᠭᠡ᠂ ᠳ᠋ᠦᠨᠬᠤᠸᠠᠩ ᠤᠨ ᠬᠠᠨᠠᠨ ᠵᠢᠷᠤᠭ ᠤᠨ ᠦᠵᠡᠬᠦᠯᠦᠯᠭᠡ᠂ ᠲᠤᠮᠲᠠᠲᠤ ᠭᠠᠲᠠᠭᠠᠲᠤ ᠶᠢᠨ ᠶᠡᠬᠡ ᠰᠤᠷᠭᠠᠭᠤᠯᠢ ᠶᠢᠨ ᠵᠠᠬᠢᠷᠤᠯ ᠤᠨ ᠹᠤᠷᠦ᠋ᠮ ᠵᠡᠷᠭᠡ ᠠᠭᠤᠯᠭ᠎ᠠ ᠪᠦᠬᠦᠢᠲᠤᠷᠭᠠᠨ ᠤ ᠵᠠᠮ • ᠤᠯᠠᠨ ᠤᠯᠤᠰ ᠤᠨ ᠨᠠᠭᠠᠲᠤᠮᠢ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠡᠴᠡ ᠰᠠᠨᠠᠭᠠᠴᠢᠯᠠᠵᠤ᠂ ᠲᠤᠮᠲᠠᠲᠤ ᠮᠤᠩᠭ᠋ᠤᠯ ᠤᠷᠤᠰ ᠵᠢᠴᠢᠨᠢᠭᠡ ᠪᠦᠰᠡ ᠨᠢᠭᠡ ᠵᠠᠮᠲᠠᠭᠠᠤ ᠤᠯᠤᠰ ᠤᠷᠤᠨ ᠤ ᠶᠡᠬᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠬᠦᠯᠦᠯ᠂ ᠪᠠᠶ᠎ᠠ ᠶᠢᠨ ᠲᠠᠮᠢᠷ᠂ ᠤᠷᠠᠯᠢᠭ ᠵᠡᠷᠭᠡ ᠤᠯᠠᠨ ᠰᠠᠯᠪᠤᠷᠢ ᠳ᠋ᠤ ᠦᠷᠨᠢᠬᠦᠯᠵᠦ ᠪᠦᠬᠦᠢ ᠴᠤᠪᠤᠷᠠᠯ ᠠᠷᠭ᠎ᠠ ᠬᠡᠮᠵᠢᠶ᠎ᠠ ᠪᠤᠯᠬᠤ ᠶᠤᠮ᠃ ᠭᠤᠷᠪᠡᠳᠡᠬᠢ ᠵᠢᠯ ᠳ᠋ᠡᠭᠡᠨ ᠵᠤᠬᠢᠶᠠᠨ ᠪᠠᠶᠢᠭᠤᠯᠤᠭᠲᠠᠵᠤ ᠪᠠᠶᠢᠭ᠎ᠠ ᠶᠢᠨ ᠬᠤᠪᠢ ᠳ᠋ᠤ ᠠᠭᠤᠯᠭ᠎ᠠ ᠪᠠᠶᠠᠯᠢᠭ᠂ ᠤᠷᠤᠯᠴᠠᠭᠰᠠᠨ ᠤᠯᠤᠰ ᠤᠷᠤᠨ᠂ ᠬᠦᠮᠦᠨ ᠤ ᠲᠤᠭ᠎ᠠ ᠤᠯᠠᠨ ᠢᠶᠡᠷ ᠢᠶᠡᠨ ᠤᠨᠴᠠᠯᠠᠭᠲᠠᠨ᠎ᠠ᠃ ( ᠵᠢᠷᠤᠭ ᠢ ᠪᠢᠶᠠᠨ ᠵᠢᠶᠠᠨ ᠫᠢᠩ ᠬᠠᠩᠭ᠋ᠠᠪᠠ )

 

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121709924