蒙古文网站Logo
ᠰᠢᠨᠬᠤᠸᠠ ᠮᠤᠩᠭ᠋ᠤᠯ ᠨᠧᠲ

12 ᠳ᠋ᠤᠭᠠᠷ ᠬᠤᠭᠤᠴᠠᠭᠠᠨ ᠤ ᠬᠤᠯᠠ ᠵᠠᠢ ᠶᠢᠨ ᠮᠠᠰᠢᠨ ᠳᠡᠷᠬᠡᠨ ᠤ ᠳᠡᠮᠡᠴᠡᠬᠡᠨ ᠠᠯᠠᠱᠠ ᠳᠤ ᠡᠬᠢᠯᠡᠪᠡ

2017-10-04 12:16

    ᠰᠢᠨᠬᠤᠧᠠ ᠬᠤᠷᠢᠶ᠎ᠠ   ᠬᠦᠬᠡᠬᠤᠳᠠ ᠶᠢᠨ 10 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ   12 ᠳ᠋ᠤᠭᠠᠷ ᠬᠤᠭᠤᠴᠠᠭᠠᠨ ᠤ ᠬᠤᠯᠠ ᠵᠠᠢ ᠶᠢᠨ ᠮᠠᠰᠢᠨ ᠳᠡᠷᠬᠡᠨ ᠤ ᠳᠡᠮᠡᠴᠡᠬᠡᠨ 1 ᠤ ᠡᠳᠦᠷ ᠦᠪᠦᠷ ᠮᠤᠩᠭᠤᠯ ᠤᠨ ᠠᠯᠠᠱᠠ ᠠᠶᠢᠮᠠᠭ ᠤᠨ ᠳᠡᠭᠷᠢ ᠡᠯᠡᠰᠦᠨ ᠳᠤ ᠨᠡᠬᠡᠬᠡᠯᠳᠡ ᠪᠡᠨ ᠬᠢᠭᠰᠡᠨ ᠪᠠᠶᠢᠨ᠎ᠠ᠃

    2006 ᠤᠨ ᠳᠤ ᠡᠬᠢᠯᠡᠵᠤ ᠵᠤᠬᠢᠶᠠᠨ ᠪᠠᠶᠢᠭᠤᠯᠤᠭᠳᠠᠭᠠᠳ ᠳᠠᠪᠬᠤᠷᠳᠠᠭᠰᠠᠨ ᠳᠤᠭ᠎ᠠ ᠪᠡᠷ ᠨᠡᠶᠢᠳᠡ 100 ᠳᠦᠮᠡᠨ ᠬᠦᠮᠦᠨ ᠤ ᠤᠷᠤᠯᠴᠠᠭ᠎ᠠ ᠲᠠᠢ ᠪᠤᠯᠤᠭᠰᠠᠨ ᠡᠨᠡᠬᠦ ᠳᠤᠮᠤᠬᠠᠨ ᠠᠵᠢᠯᠯᠠᠭ᠎ᠠ ᠪᠡᠷ T3ᠰᠤᠷᠢᠯᠳᠠ ᠳᠡᠮᠡᠴᠡᠬᠡᠨ᠂T3ᠬᠦᠴᠦᠨ ᠵᠠᠯᠭᠠᠬᠤ ᠳᠡᠮᠡᠴᠡᠬᠡᠨ᠂ ᠳᠤᠮᠳᠠᠳᠤ ᠤᠯᠤᠰ ᠤᠨ ᠮᠠᠰᠢᠨ ᠳᠡᠷᠬᠡᠨ ᠤ ᠬᠤᠯᠪᠤᠭᠠᠯᠠᠭᠰᠠᠨ ᠳᠡᠮᠡᠴᠡᠬᠡᠨ᠂ ᠬᠠᠳᠠᠨ ᠳᠡᠬᠡᠷᠡᠬᠢ ᠰᠤᠷᠢᠯᠳᠠ ᠳᠡᠮᠡᠴᠡᠬᠡᠨ ᠵᠡᠷᠬᠡ ᠳᠡᠮᠡᠴᠡᠬᠡᠨ ᠨᠤᠬᠦᠳ ᠵᠤᠬᠢᠶᠠᠨ ᠪᠠᠶᠢᠭᠤᠯᠤᠭᠳᠠᠬᠤ ᠳᠡᠳᠦᠢ ᠦᠬᠡᠢ ᠳᠡᠭᠷᠢ ᠡᠯᠡᠰᠦᠨ ᠤ ᠳᠠᠭᠤᠤ ᠬᠦᠭᠵᠢᠮ ᠤᠨ ᠨᠠᠶᠢᠷ᠂ ᠳᠡᠭᠷᠢ ᠡᠯᠡᠰᠦᠨ ᠤ ᠤᠯᠠᠨ ᠤᠯᠤᠰ ᠤᠨ ᠠᠮᠳᠠᠳᠤ ᠢᠳᠡᠬᠡᠨ ᠤ ᠨᠠᠶᠢᠷ᠂ ᠰᠤᠨᠢᠷᠬᠠᠯᠳᠤ ᠳᠤᠭᠯᠠᠯᠳᠠ ᠵᠡᠷᠬᠡ ᠠᠷᠭ᠎ᠠ ᠬᠡᠮᠵᠢᠶ᠎ᠡ ᠨᠤᠬᠦᠳ ᠵᠤᠬᠢᠶᠠᠨ ᠪᠠᠶᠢᠭᠤᠯᠤᠭᠳᠠᠨ᠎ᠠ᠃

    2016 ᠤᠨ ᠪᠤᠯᠳᠠᠯ᠎ᠠ᠂ ᠠᠯᠠᠱᠠ ᠠᠶᠢᠮᠠᠭ ᠨᠢ ᠨᠢᠬᠡᠨᠳᠡ 30.8 ᠳᠦᠮᠡᠨ ᠮᠠᠰᠢᠨ ᠪᠠ ᠳᠠᠪᠬᠤᠷᠳᠠᠭᠰᠠᠨ ᠳᠤᠭ᠎ᠠ ᠪᠡᠷ ᠨᠡᠶᠢᠳᠡ 93.36 ᠳᠦᠮᠡᠨ ᠬᠦᠮᠦᠨ ᠢ ᠳᠤᠰ ᠠᠵᠢᠯᠯᠠᠭ᠎ᠠ ᠳᠤ ᠤᠷᠤᠯᠴᠠᠭᠤᠯᠤᠭᠰᠠᠨ ᠶᠤᠮ᠃ ᠳᠤᠰ ᠡᠬᠡᠯᠵᠢ ᠶᠢᠨ ᠳᠡᠮᠡᠴᠡᠬᠡᠨ ᠢᠶᠡᠷ ᠨᠡᠶᠢᠳᠡ 50 ᠳᠦᠮᠡᠨ ᠮᠠᠰᠢᠨ᠂ ᠳᠠᠪᠬᠤᠷᠳᠠᠭᠰᠠᠨ ᠳᠤᠭ᠎ᠠ ᠪᠡᠷ ᠨᠡᠶᠢᠳᠡ 200 ᠳᠦᠮᠡᠨ ᠬᠦᠮᠦᠨ ᠤᠷᠤᠯᠴᠠᠬᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121762188