蒙古文网站Logo
ᠰᠢᠨᠬᠤᠸᠠ ᠮᠤᠩᠭ᠋ᠤᠯ ᠨᠧᠲ

2017 ᠳᠤᠮᠳᠠᠳᠤ ᠤᠯᠤᠰ ᠤᠯᠠᠭᠠᠨᠬᠠᠲᠠ ᠶᠢᠨ ᠮᠠᠶᠢᠷᠠᠨ ᠤᠯᠠᠨ ᠤᠯᠤᠰ ᠤᠨ ᠮᠤᠷᠢᠨ ᠤᠷᠤᠯᠳᠤᠭᠠᠨ ᠶᠠᠪᠤᠭᠳᠠᠪᠠ

2017-10-12 16:31

    ᠲᠦᠷᠦᠭᠦᠬᠡᠨ᠂ 2017 ᠳᠤᠮᠳᠠᠳᠤ ᠤᠯᠤᠰ ᠤᠯᠠᠭᠠᠨᠬᠠᠲᠠ ᠶᠢᠨ ᠮᠠᠶᠢᠷᠠᠨ ᠤᠯᠠᠨ ᠤᠯᠤᠰ ᠤᠨ ᠮᠤᠷᠢᠨ ᠤᠷᠤᠯᠳᠤᠭᠠᠨ ᠬᠠᠷᠠᠴᠢᠨ ᠬᠤᠰᠢᠭᠤᠨ ᠤ ᠮᠠᠶᠢᠷᠠᠨ ᠪᠠᠯᠭᠠᠰᠤ ᠳᠤ ᠶᠠᠪᠤᠭᠳᠠᠪᠠ᠃ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠡᠴᠡ ᠬᠦᠷᠦᠯᠴᠡᠨ ᠢᠷᠡᠭᠰᠡᠨ 70 ᠭᠠᠷᠤᠢ ᠪᠠᠭ᠂ 300 ᠭᠠᠷᠤᠢ ᠮᠤᠷᠢ ᠲᠤᠰ ᠤᠳᠠᠭᠠᠨ ᠤ ᠤᠷᠤᠯᠳᠤᠭᠠᠨ ᠳᠤ ᠤᠷᠤᠯᠴᠠᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠤᠷᠤᠯᠳᠤᠭᠠᠨ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠦᠨᠳᠦᠰᠦᠲᠡᠨ ᠤ ᠰᠫᠤᠷᠲ᠂ ᠤᠳᠬ᠎ᠠ ᠤᠷᠠᠯᠢᠭ ᠤᠨ ᠲᠤᠭᠯᠠᠯᠲᠠ᠂ ᠵᠢᠭᠤᠯᠴᠢᠯᠠᠯ ᠤᠨ ᠦᠵᠡᠮᠵᠢ ᠶᠢ ᠨᠢᠭᠡ ᠴᠤᠭᠴᠠᠯᠠᠭᠰᠠᠨ ᠶᠡᠷᠦᠩᠬᠡᠶᠢᠯᠡᠭᠰᠡᠨ ᠴᠢᠨᠠᠷᠲᠠᠢ ᠰᠤᠶᠤᠯ ᠰᠫᠤᠷᠲ ᠤᠨ ᠴᠢᠭᠤᠯᠠᠭᠠᠨ ᠮᠦᠨ᠃ ᠭᠤᠤᠯᠳᠠᠭᠤ ᠬᠤᠷᠳᠤ ᠰᠢᠯᠭᠠᠬᠤ ᠤᠷᠤᠯᠳᠤᠭᠠᠨ᠂ ᠳᠠᠭᠠᠭᠠᠴᠠ ᠰᠢᠯᠭᠠᠬᠤ ᠤᠷᠤᠯᠳᠤᠭᠠᠨ ᠪᠤᠯᠤᠨ ᠵᠢᠷᠤᠭ᠎ᠠ ᠮᠤᠷᠢᠨ ᠤ ᠤᠷᠤᠯᠳᠤᠭᠠᠨ ᠲᠤᠬᠢᠷᠠᠭᠤᠯᠵᠤ᠂ ᠮᠤᠷᠢᠨ ᠤ ᠬᠡᠤᠬᠡᠳ ᠤᠨ ᠨᠠᠰᠤ ᠨᠢ ᠴᠦᠮ11 ᠡᠴᠡ 20 ᠨᠠᠰᠤ ᠤᠷᠴᠢᠮ ᠪᠠᠶᠢᠯ᠎ᠠ᠃

    ᠡᠬᠢᠯᠡᠯᠲᠡ ᠶᠢᠨ ᠶᠤᠰᠤᠯᠠᠯ ᠳᠡᠭᠡᠷ᠎ᠠ ᠠᠳᠤᠭᠤᠨ ᠰᠤᠶᠤᠯ ᠢ ᠳᠤᠪᠤᠶᠢᠯᠭᠠᠵᠤ ᠦᠨᠳᠦᠰᠦᠲᠡᠨ ᠤ ᠤᠨᠴᠠᠯᠢᠭᠲᠤ ᠤᠳᠬ᠎ᠠ ᠤᠷᠠᠯᠢᠭ ᠤᠨ ᠲᠤᠭᠯᠠᠯᠲᠠ ᠪᠤᠯᠤᠨ ᠮᠤᠷᠢᠨ ᠮᠡᠷᠭᠡᠵᠢᠯ ᠤᠨ ᠦᠵᠡᠭᠦᠯᠦᠯᠭᠡ ᠭᠠᠷᠭᠠᠪᠠ᠃ ᠮᠤᠷᠢᠨ ᠳᠡᠭᠡᠷ᠎ᠠ ᠡᠴᠡ ᠬᠠᠳᠠᠭ ᠰᠢᠭᠦᠷᠡᠬᠦ᠂ ᠨᠠᠮᠨᠠᠭ᠎ᠠ᠂ ᠭᠤᠷᠪᠠᠨ ᠬᠦᠮᠦᠨ ᠬᠤᠤᠰ ᠮᠤᠷᠢ ᠤᠨᠤᠬᠤ᠂ ᠬᠤᠶᠠᠷ ᠬᠦᠮᠦᠨ ᠨᠢᠭᠡ ᠮᠤᠷᠢ ᠤᠨᠠᠬᠤ᠂ ᠤᠯᠠᠨ ᠬᠦᠮᠦᠨ ᠤᠯᠠᠨ ᠮᠤᠷᠢ ᠤᠨᠤᠬᠤ ᠵᠡᠷᠭᠡ ᠰᠡᠲᠦᠯᠲᠡ ᠲᠦᠭᠰᠢᠭᠦᠷᠢᠲᠠᠢ ᠮᠤᠷᠢᠨ ᠮᠡᠷᠭᠡᠵᠢᠯ ᠤᠨ ᠦᠵᠡᠭᠦᠯᠦᠯᠭᠡ ᠬᠦᠮᠦᠰ ᠤᠨ ᠠᠩᠬᠠᠷᠤᠯ ᠢ ᠲᠠᠲᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121793789