蒙古文网站Logo
ᠰᠢᠨᠬᠤᠸᠠ ᠮᠤᠩᠭ᠋ᠤᠯ ᠨᠧᠲ

37 ᠳ᠋ᠤᠭᠠᠷ ᠬᠤᠭᠤᠴᠠᠭᠠᠨ ᠤ ᠪᠡᠭᠡᠵᠢᠩ ᠤᠨ ᠨᠠᠭᠠᠲᠤᠮ ᠢᠲᠡ ᠬᠦᠭ᠌ ᠲᠠᠢ ᠪᠤᠯᠵᠤ ᠦᠩᠭᠡᠷᠡᠯ᠎ᠡ

2017-10-29 12:19

    ᠦᠨᠳᠦᠰᠦᠲᠡᠨ ᠤ ᠪᠦᠯᠬᠦᠮᠲᠡᠯ ᠢ ᠴᠢᠩᠭ᠋ᠠᠳᠬᠠᠨ᠂ ᠦᠨᠳᠦᠰᠦᠲᠡᠨ ᠨᠤᠬᠦᠳ ᠤᠨ ᠬᠤᠭᠤᠷᠤᠨᠲᠤᠬᠢ ᠰᠤᠯᠢᠯᠴᠠᠭ᠎ᠠ ᠶᠢ ᠠᠬᠢᠭᠤᠯᠵᠤ᠂ ᠪᠡᠭᠡᠵᠢᠩ ᠬᠤᠲᠠ ᠳ᠋ᠤ ᠠᠵᠢᠯᠯᠠᠵᠤ ᠠᠮᠢᠲᠤᠷᠠᠵᠤ᠂ ᠰᠤᠷᠤᠯᠴᠠᠵᠤ ᠪᠠᠶᠢᠭ᠎ᠠ ᠮᠤᠩᠭ᠋ᠤᠯᠴᠤᠳ ᠤᠨ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ ᠪᠡᠭᠡᠵᠢᠩ ᠤᠨ ᠨᠠᠭᠠᠲᠤᠮ ᠤᠨ ᠵᠤᠬᠢᠶᠠᠨ ᠪᠠᠶᠢᠭᠤᠯᠬᠤ ᠺᠤᠮᠢᠰ ᠡᠴᠡ ᠭᠤᠤᠯᠯᠠᠨ ᠡᠷᠬᠢᠯᠡᠵᠦ᠂ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠮᠤᠩᠭ᠋ᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠪᠠ ᠪᠡᠭᠡᠵᠢᠩ ᠳ᠋ᠡᠬᠢ ᠲᠦᠩᠯᠢᠶᠤᠤ ᠶᠢᠨ ᠠᠵᠤ ᠠᠬᠤᠶᠢᠯᠠᠯ ᠤᠨ ᠬᠤᠯᠪᠤᠭ᠎ᠠ ᠡᠴᠡ ᠬᠠᠪᠰᠤᠷᠤᠨ ᠡᠷᠬᠢᠯᠡᠭᠰᠡᠨ 37 ᠳ᠋ᠤᠭᠠᠷ ᠬᠤᠭᠤᠴᠠᠭᠠᠨ ᠤ ᠪᠡᠭᠡᠵᠢᠩ ᠤᠨ ᠨᠠᠭᠠᠲᠤᠮ 10 ᠰᠠᠷ᠎ᠠ ᠶᠢᠨ 28 ᠤ ᠡᠲᠦᠷ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠳ᠋ᠤ ᠪᠤᠯᠵᠤ ᠦᠩᠭᠡᠷᠡᠯ᠎ᠡ᠃

    ᠡᠨᠡ ᠤᠲᠠᠭᠠᠨ ᠤ ᠨᠠᠭᠠᠲᠤᠮ ᠳ᠋ᠤ᠂ ᠲᠠᠯᠠᠪᠠᠢ ᠳ᠋ᠤ ᠤᠷᠤᠬᠤ ᠶᠤᠰᠤᠯᠠᠯ᠂ ᠤᠷᠠᠨ ᠰᠠᠶᠢᠬᠠᠨ ᠤ ᠲᠤᠭᠯᠠᠯᠲᠠ᠂ ᠬᠦᠴᠦᠲᠦ ᠪᠦᠬᠡ ᠶᠢᠨ ᠪᠠᠷᠢᠯᠲᠤᠭᠠᠨ᠂ ᠰᠤᠷ ᠬᠠᠷᠪᠤᠯᠳᠠ᠂ ᠬᠦᠯ ᠪᠦᠮᠪᠦᠭᠡ᠂ ᠰᠠᠭᠰᠤᠨ ᠪᠦᠮᠪᠦᠭᠡ᠂ ᠠᠯᠠᠭᠠᠲᠠᠬᠤ ᠪᠦᠮᠪᠦᠭᠡ ᠶᠢᠨ ᠤᠷᠤᠯᠲᠤᠭᠠᠨ᠂ ᠲᠡᠭᠡᠰᠦ ᠲᠠᠲᠠᠬᠤ ᠮᠦᠷᠦᠶᠢᠴᠡᠭᠡᠨ᠂ ᠬᠡᠦᠬᠡᠳ ᠤᠨ ᠤᠷᠠᠨ ᠤᠩᠰᠢᠯᠭ᠎ᠠ ᠶᠢᠨ ᠤᠷᠤᠯᠲᠤᠭᠠᠨ ᠵᠢᠴᠢ ᠮᠤᠩᠭ᠋ᠤᠯ ᠬᠤᠪᠴᠠᠰᠤ ᠵᠠᠰᠠᠯ ᠤᠨ ᠦᠵᠡᠬᠦᠯᠦᠯᠭᠡ᠂ ᠮᠤᠩᠭ᠋ᠤᠯ ᠰᠢᠲᠠᠷ᠎ᠠ ᠶᠢᠨ ᠤᠷᠤᠯᠲᠤᠭᠠᠨ ᠵᠡᠷᠭᠡ ᠡᠯᠪᠡᠭ᠌ ᠠᠭᠤᠯᠭ᠎ᠠ ᠶᠢ ᠲᠤᠬᠢᠷᠠᠭᠤᠯᠵᠤ᠂ ᠬᠤᠷᠠᠨ ᠴᠤᠭᠯᠠᠷᠠᠭᠰᠠᠨ ᠨᠠᠭᠠᠲᠤᠮᠴᠢᠳ ᠤᠨ ᠤᠷᠬᠢᠯᠤᠮ᠎ᠠ ᠰᠡᠳᠬᠢᠯᠭᠡ ᠤᠷᠮ᠎ᠠ ᠵᠤᠷᠢᠭ ᠢ ᠬᠦᠭ᠍ᠵᠢᠭᠡᠭ᠍ᠰᠡᠨ ᠦᠨᠢᠷ ᠦᠳᠬᠡᠨ ᠨᠠᠶᠢᠷ ᠪᠤᠯᠵᠠᠢ᠃

    ᠪᠡᠭᠡᠵᠢᠩ ᠳ᠋ᠡᠬᠢ ᠮᠤᠩᠭ᠋ᠤᠯᠴᠤᠳ ᠤᠨ ᠨᠠᠭᠠᠲᠤᠮ ᠠᠩᠬ᠎ᠠ 1981 ᠤᠨ ᠳ᠋ᠤ ᠶᠠᠪᠤᠭᠲᠠᠵᠤ᠂ 30 ᠭᠠᠷᠤᠢ ᠵᠢᠯ ᠤᠨ ᠬᠤᠭᠤᠴᠠᠭᠠᠨ ᠳ᠋ᠤ ᠬᠤᠲᠠ ᠭᠠᠵᠠᠷ ᠤᠨ ᠮᠤᠩᠬ᠋ᠤᠯᠴᠤᠳ ᠤᠨ ᠶᠢᠡᠨ ᠰᠤᠶᠤᠯ ᠤᠷᠠᠯᠢᠭ ᠤᠨ ᠭᠠᠯ ᠭᠤᠯᠤᠮᠲᠠ ᠶᠢ ᠬᠦᠭ᠍ᠵᠢᠭᠡᠭ᠍ᠰᠡᠭᠡᠷ ᠪᠠᠶᠢᠵᠤ ᠡᠲᠦᠭᠡ ᠳ᠋ᠤ ᠬᠦᠷᠦᠭᠰᠡᠨ ᠨᠢ ᠡᠨᠡ ᠪᠢᠯᠡ᠃

    128 ᠬᠦᠴᠦᠲᠦ ᠪᠦᠬᠡ ᠶᠢᠨ ᠲᠡᠮᠡᠴᠡᠭᠡᠨ ᠳ᠋ᠤ ᠴᠢᠯᠦᠭᠡᠯᠡᠬᠦ ᠴᠡᠷᠢᠭ ᠤᠨ ᠲᠠᠮᠢᠷ ᠤᠨ ᠠᠩᠬᠢ ᠶᠢᠨ ᠲᠠᠮᠢᠷᠴᠢᠨ ᠰᠡᠩᠭᠡᠭᠠᠷᠪᠤ ᠲᠠᠷᠢᠬᠦᠯᠡᠵᠦ᠂ ᠦᠪᠦᠷ ᠮᠤᠩᠭ᠋ᠤᠯ ᠤᠨ ᠵᠡᠬᠦᠨ ᠪᠠᠭᠠᠷᠢᠨ ᠤ ᠠᠯᠲᠠᠨᠰᠦ᠋ᠬᠡ ᠲᠡᠳ᠋ᠯᠡᠪᠡ᠃

ᠢᠷᠡᠯᠳᠡ᠄ ᠲᠤᠮᠲᠠᠲᠤ ᠤᠯᠤᠰ ᠤᠨ ᠮᠤᠩᠭ᠋ᠤᠯ ᠷᠠᠳᠢᠤ᠋ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121872612