蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠬᠡᠪᠯᠡᠯ ᠮᠡᠳᠡᠭᠡᠯᠡᠯ ᠤᠨ ᠬᠢᠨ ᠤ ᠠᠩᠬᠠᠳᠠᠭᠴᠢ ᠮᠠᠷᠠᠽᠤᠨ ᠲᠡᠮᠡᠴᠡᠭᠡᠨ ᠳᠤ ᠮᠢᠩᠭ᠎ᠠ ᠰᠢᠬᠠᠮ ᠠᠵᠢᠯᠲᠠᠨ ᠤᠷᠤᠯᠴᠠᠨ᠎ᠠ

2017-11-09 18:15

    ᠰᠢᠨᠬᠤᠧᠠ ᠬᠤᠷᠢᠶ᠎ᠠ   ᠬᠠᠩᠵᠧᠤ ᠶᠢᠨ 11 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠰᠢᠶᠠ ᠯᠢᠶᠠᠩ)11 ᠰᠠᠷ᠎ᠠ ᠶᠢᠨ 8 ᠤ ᠡᠳᠦᠷ ᠪᠤᠯ 18 ᠳ᠋ᠡᠬᠢ ᠰᠡᠳᠬᠦᠯᠴᠢᠳ ᠤᠨ ᠪᠠᠶᠠᠷ ᠪᠤᠯᠤᠨ᠎ᠠ᠃ ᠤᠯᠤᠰ ᠳᠠᠶᠠᠭᠠᠷ ᠤᠨ ᠠᠩᠬᠠᠳᠤᠭᠠᠷ ᠬᠤᠭᠤᠴᠠᠭᠠᠨ ᠤ ᠬᠡᠪᠯᠡᠯ ᠮᠡᠳᠡᠭᠡᠯᠡᠯ ᠤᠨ ᠬᠢᠨ ᠤ ᠮᠠᠷᠠᠽᠤᠨ ᠲᠡᠮᠡᠴᠡᠭᠡᠨ ᠤ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠬᠡᠪᠯᠡᠯ ᠮᠡᠳᠡᠭᠡᠯᠡᠯ ᠤᠨ ᠮᠢᠩᠭ᠎ᠠ ᠰᠢᠬᠠᠮ ᠠᠵᠢᠯᠲᠠᠨ 11 ᠰᠠᠷ᠎ᠠ ᠶᠢᠨ 8 ᠤ ᠡᠳᠦᠷ ᠵᠧᠵᠢᠶᠠᠩ ᠤᠨ ᠵᠢᠨᠬᠤᠧᠠ ᠬᠤᠲᠠ ᠳᠤ ᠴᠤᠬᠯᠠᠷᠠᠵᠤ ᠬᠠᠭᠠᠰ ᠵᠠᠢ ᠶᠢᠨ ᠮᠠᠷᠠᠽᠤᠨ ᠪᠠ ᠪᠠᠶᠠᠷ ᠴᠡᠩᠬᠡᠯ ᠤᠨ ᠬᠦᠶᠦᠯᠲᠠ ᠶᠢᠨ ᠲᠡᠮᠡᠴᠡᠭᠡᠨ ᠳᠤ ᠤᠷᠤᠯᠴᠠᠬᠤ ᠪᠤᠯᠤᠨ᠎ᠠ᠃

    ᠤᠶᠢᠯᠠᠭᠠᠭᠰᠠᠨ ᠢᠶᠡᠷ᠂ ᠵᠣᠬᠢᠶᠠᠨ ᠪᠠᠶᠢᠭᠤᠯᠬᠤ ᠺᠣᠮᠢᠰ ᠪᠠᠰᠠ ᠬᠠᠭᠠᠰ ᠵᠠᠢ ᠶᠢᠨ ᠮᠠᠷᠠᠽᠤᠨ ᠤ 3000 ᠤᠷᠤᠨ ᠲᠤᠭ᠎ᠠ ᠵᠢᠴᠢ ᠪᠠᠶᠠᠷ ᠴᠡᠩᠬᠡᠯ ᠤᠨ ᠬᠦᠶᠦᠯᠲᠠ ᠶᠢᠨ ᠲᠡᠮᠡᠴᠡᠭᠡᠨ ᠤ 6000 ᠤᠷᠤᠨ ᠲᠤᠭ᠎ᠠ ᠲᠤᠬᠢᠷᠠᠭᠤᠯᠤᠭᠠᠳ ᠵᠢᠨᠬᠤᠧᠠ ᠬᠤᠲᠠ ᠶᠢᠨ ᠢᠷᠭᠡᠳ ᠢ ᠤᠷᠢᠵᠤ ᠲᠤᠰ ᠤᠳᠠᠭᠠᠨ ᠤ ᠮᠠᠷᠠᠽᠤᠨ ᠲᠡᠮᠡᠴᠡᠭᠡᠨ  ᠳᠤ ᠤᠷᠤᠯᠴᠠᠭᠤᠯᠤᠨ᠎ᠠ᠂ ᠲᠤᠬᠠᠢ ᠶᠢᠨ ᠴᠠᠭ ᠲᠤ ᠶᠡᠷᠦᠩᠬᠡᠢ ᠬᠦᠮᠦᠨ ᠤ ᠲᠤᠭ᠎ᠠ ᠲᠦᠮᠡ ᠬᠦᠷᠦᠨ᠎ᠠ᠃

    ᠤᠯᠤᠰ ᠳᠠᠶᠠᠭᠠᠷ ᠤᠨ ᠠᠩᠬᠠᠳᠤᠭᠠᠷ ᠬᠤᠭᠤᠴᠠᠭᠠᠨ ᠤ ᠬᠡᠪᠯᠡᠯ ᠮᠡᠳᠡᠭᠡᠯᠡᠯ ᠤᠨ ᠬᠢᠨ ᠤ ᠮᠠᠷᠠᠽᠤᠨ ᠲᠡᠮᠡᠴᠡᠭᠡᠨ ᠢ ᠵᠧᠵᠢᠶᠠᠩ ᠮᠣᠵᠢ ᠶᠢᠨ ᠪᠡᠶ᠎ᠠ ᠶᠢᠨ ᠲᠠᠮᠢᠷ ᠤᠨ ᠲᠤᠪᠴᠢᠶ᠎ᠠ᠂ ᠵᠢᠨᠬᠤᠧᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠡᠴᠡ ᠰᠠᠨᠠᠭᠠᠴᠢᠯᠠᠵᠤ᠂ ᠵᠧᠵᠢᠶᠠᠩ ᠮᠣᠵᠢ ᠶᠢᠨ ᠰᠡᠳᠭᠦᠯᠴᠢᠳ ᠤᠨ ᠨᠡᠶᠢᠬᠡᠮᠯᠢᠭ᠌᠂ ᠵᠧᠵᠢᠶᠠᠩ ᠮᠣᠵᠢ ᠶᠢᠨ ᠪᠡᠶ᠎ᠠ ᠶᠢᠨ ᠲᠠᠮᠢᠷ ᠤᠨ ᠲᠤᠪᠴᠢᠶᠠᠨ ᠤ ᠪᠡᠶ᠎ᠠ ᠶᠢᠨ ᠲᠠᠮᠢᠷ ᠤᠨ ᠬᠢᠨ ᠤ ᠰᠣᠨᠢᠨ ᠤ ᠬᠤᠷᠢᠶ᠎ᠠ᠂ ᠵᠢᠨᠬᠤᠧᠠ ᠬᠤᠲᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ ᠵᠣᠬᠢᠶᠠᠨ ᠪᠠᠶᠢᠭᠤᠯᠤᠨ᠎ᠠ᠂ ᠲᠡᠮᠡᠴᠡᠭᠡᠨ ᠢ ᠬᠠᠭᠠᠰ ᠵᠠᠢ ᠶᠢᠨ ᠮᠠᠷᠠᠽᠤᠨ ᠪᠠ ᠪᠠᠶᠠᠷ ᠴᠡᠩᠬᠡᠯ ᠤᠨ ᠬᠦᠶᠦᠯᠲᠠ ᠶᠢᠨ ᠲᠡᠮᠡᠴᠡᠭᠡᠨ  ᠬᠡᠵᠤ ᠬᠤᠶᠠᠷ ᠲᠦᠷᠦᠯ ᠬᠤᠪᠢᠶᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121931607