蒙古文网站Logo
ᠰᠢᠨᠬᠤᠸᠠ ᠮᠤᠩᠭ᠋ᠤᠯ ᠨᠧᠲ

ᠠᠽᠢᠶ᠎ᠠ ᠲᠢᠪ ᠤᠨ ᠡᠮᠡᠭᠲᠠᠢ ᠶᠢᠨ ᠪᠤᠺᠰ ᠤᠨ ᠮᠠᠩᠯᠠᠢ ᠰᠢᠯᠭᠠᠷᠠᠭᠤᠯᠬᠤ ᠲᠡᠮᠡᠴᠡᠭᠡᠨ ᠳᠤ ᠳᠤᠮᠳᠠᠳᠤ ᠤᠯᠤᠰ ᠤᠨ ᠪᠠᠭ 4 ᠠᠯᠲᠠ 1 ᠮᠦᠩᠬᠦᠨ ᠮᠧᠳᠠᠯ ᠭᠠᠷᠳᠠᠪᠠ

2017-11-13 16:17

    ᠡᠮᠦᠨᠡᠬᠡᠨ᠂ ᠠᠽᠢᠶ᠎ᠠ ᠲᠢᠪ ᠤᠨ ᠡᠮᠡᠭᠲᠠᠢ ᠶᠢᠨ ᠪᠤᠺᠰ ᠤᠨ ᠮᠠᠩᠯᠠᠢ ᠰᠢᠯᠭᠠᠷᠠᠭᠤᠯᠬᠤ ᠲᠡᠮᠡᠴᠡᠭᠡᠨ ᠸᠢᠶᠧᠲ᠋ᠨᠠᠮ ᠳᠤ ᠶᠠᠪᠤᠭᠳᠠᠪᠠ᠂ 22 ᠤᠯᠤᠰ ᠤᠷᠤᠨ ᠡᠴᠡ ᠤᠷᠤᠯᠴᠠᠬᠰᠠᠨ 120 ᠭᠠᠷᠤᠢ ᠲᠠᠮᠢᠷᠴᠢᠨ 10 ᠵᠡᠷᠭᠡᠯᠡᠯ ᠬᠤᠪᠢᠶᠠᠵᠤ ᠰᠢᠷᠤᠬᠦᠨ ᠦᠷᠢᠰᠦᠯᠳᠦᠭᠰᠡᠨ ᠪᠠᠶᠢᠨ᠎ᠠ᠃ ᠥᠪᠦᠷ ᠮᠣᠩᠭ᠋ᠤᠯ ᠤᠨ ᠡᠮᠡᠭᠲᠠᠢ ᠶᠢᠨ ᠪᠤᠺᠰ ᠤᠨ ᠪᠠᠭ ᠡᠴᠡ 3 ᠲᠠᠮᠢᠷᠴᠢᠨ ᠲᠡᠮᠡᠴᠡᠭᠡᠨ ᠳᠤ ᠤᠷᠤᠯᠴᠠᠭᠠᠳ᠂ ᠡᠴᠤᠰ ᠲᠤ ᠪᠡᠨ ᠯᠢ ᠴᠢᠶᠠᠨ 75 ᠺᠢᠯᠤᠭ᠍ᠷᠠᠮ ᠤᠨ ᠬᠦᠨᠳᠤ ᠶᠢᠨ ᠵᠢᠩ ᠤᠨ ᠲᠡᠮᠡᠴᠡᠭᠡᠨ ᠳᠤ ᠠᠯᠲᠠᠨ ᠮᠧᠳᠠᠯ ᠭᠠᠷᠳᠠᠵᠤ᠂ ᠶᠠᠩ ᠰᠢᠶᠤᠤ ᠯᠢ 81 ᠺᠢᠯᠤᠭ᠍ᠷᠠᠮ ᠤᠨ ᠬᠦᠨᠳᠤ ᠶᠢᠨ ᠵᠢᠩ ᠤᠨ ᠲᠡᠮᠡᠴᠡᠭᠡᠨ ᠳᠤ ᠠᠯᠲᠠᠨ ᠮᠧᠳᠠᠯ ᠭᠠᠷᠳᠠᠵᠤ᠂ ᠳ᠋ᠧᠦ ᠳ᠋ᠠᠨ 64 ᠺᠢᠯᠤᠭ᠍ᠷᠠᠮ ᠤᠨ ᠬᠦᠨᠳᠤ ᠶᠢᠨ ᠵᠢᠩ ᠤᠨ ᠲᠡᠮᠡᠴᠡᠭᠡᠨ ᠳᠤ ᠮᠦᠩᠬᠦᠨ ᠮᠧᠳᠠᠯ ᠭᠠᠷᠳᠠᠪᠠ᠃

    ᠤᠶᠢᠯᠠᠭᠠᠭᠰᠠᠨ ᠢᠶᠡᠷ᠂ ᠲᠤᠰ ᠬᠤᠭᠤᠴᠠᠭᠠᠨ ᠤ ᠠᠽᠢᠶ᠎ᠠ ᠲᠢᠪ ᠤᠨ ᠡᠮᠡᠭᠲᠠᠢ ᠶᠢᠨ ᠪᠤᠺᠰ ᠤᠨ ᠮᠠᠩᠯᠠᠢ ᠰᠢᠯᠭᠠᠷᠠᠭᠤᠯᠬᠤ ᠲᠡᠮᠡᠴᠡᠭᠡᠨ ᠳᠤ ᠳᠤᠮᠳᠠᠳᠤ ᠤᠯᠤᠰ ᠤᠨ ᠪᠠᠭ ᠨᠡᠶᠢᠲᠠ 4 ᠠᠯᠲᠠ 1 ᠮᠦᠩᠬᠦᠨ ᠮᠧᠳᠠᠯ ᠭᠠᠷᠳᠠᠪᠠ᠂ ᠡᠬᠦᠨ ᠳᠤ ᠥᠪᠦᠷ ᠮᠣᠩᠭ᠋ᠤᠯ ᠤᠨ ᠲᠠᠮᠢᠷᠴᠢᠳ 2 ᠠᠯᠲᠠ 1 ᠮᠦᠩᠬᠦᠨ ᠮᠧᠳᠠᠯ ᠭᠠᠷᠳᠠᠬᠰᠠᠨ ᠪᠠᠶᠢᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121948697